︽ᠡᠷᠢᠶᠡᠨ ᠬᠤᠲᠠ ᠶᠢᠨ ᠡᠷᠦᠬᠡ ᠠᠮᠠ ᠶᠢᠨ ᠬᠠᠷᠢᠶ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠬᠤᠲᠠ ᠪᠠᠯᠭᠠᠰᠤᠨ ᠳᠤ ᠡᠷᠦᠬᠡ ᠠᠮᠠ ᠣᠷᠣᠭᠤᠯᠬᠤ ᠬᠢᠵᠠᠭᠠᠷᠯᠠᠯ ᠢ ᠴᠢᠯᠥᠭᠡᠲᠡᠶ ᠪᠣᠯᠭᠠᠬᠤ ᠶᠢᠨ ᠬᠡᠷᠡᠭᠵᠢᠭᠦᠯᠬᠦ ᠨᠠᠷᠢᠨ ᠲᠦᠷᠢᠮ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/12/28
   ᠨᠢᠭᠡ᠂ ᠡᠷᠦᠬᠡ ᠠᠮᠠ ᠰᠢᠯᠵᠢᠭᠦᠯᠬᠦ ᠵᠠᠷᠴᠢᠮ    ᠡᠷᠦᠬᠡ ᠠᠮᠠ ᠰᠢᠯᠵᠢᠭᠦᠯᠬᠦ ᠳᠤ ︽ᠪᠣᠳᠠᠲᠠᠶ ᠣᠷᠣᠰᠢᠨ ᠰᠠᠭᠤᠬᠤ᠂ ᠬᠥᠮᠦᠨ ᠤ ᠡᠷᠦᠬᠡ ᠨᠢᠭᠡᠳᠦᠯᠲᠡᠶ ᠪᠠᠶᠢᠬᠤ︾ ᠵᠠᠷᠴᠢᠮ ᠢ ᠵᠢᠷᠤᠮᠯᠠᠨ᠂ ᠬᠠᠤᠯᠢ ᠶᠣᠰᠣᠨ ᠤ ᠲᠣᠭᠲᠠᠪᠤᠷᠢᠲᠠᠶ ᠣᠷᠣᠨ ᠰᠠᠭᠤᠴᠠ ᠲᠠᠢ ᠪᠥᠭᠡᠳ ᠪᠣᠳᠠᠲᠠᠶ ᠣᠷᠣᠰᠢᠨ ᠰᠠᠭᠤᠬᠤ ᠪᠠᠷ ᠦᠨᠳᠦᠰᠦᠨ ᠨᠥᠬᠦᠴᠡᠯ ᠪᠣᠯᠭᠠᠵᠤ᠂ ︽ᠤᠷᠢᠳᠠᠪᠠᠷ ᠬᠡᠷ ᠪᠦᠯᠢ ᠶᠢᠨ ᠡᠷᠦᠬᠡ᠂ ᠳᠠᠷᠠᠭ᠎ᠠ ᠨᠢ ᠬᠠᠮᠲᠤ ᠶᠢᠨ ᠡᠷᠦᠬᠡ︾ ᠶᠢᠨ ᠶᠣᠰᠣᠭᠠᠷ ᠡᠷᠦᠬᠡ ᠠᠮᠠ ᠰᠢᠯᠵᠢᠭᠦᠯᠬᠦ ᠶᠢ ᠭᠦᠢᠴᠡᠳᠬᠡᠨ᠎ᠡ᠃ ᠠᠷᠠᠳ ᠢᠷᠭᠡᠨ ᠲᠣᠰ ᠬᠤᠲᠠ ᠳᠤ ᠣᠯᠠᠨ ᠭᠠᠵᠠᠷ ᠲᠤ ᠬᠠᠤᠯᠢ ᠶᠣᠰᠣᠨ ᠤ ᠲᠣᠭᠲᠠᠪᠤᠷᠢᠲᠠᠶ ᠣᠷᠣᠨ ᠰᠠᠭᠤᠴᠠ ᠲᠠᠢ ᠪᠠᠶᠢᠪᠠᠯ᠂ ᠲᠣᠰ ᠬᠥᠮᠦᠨ ᠤ ᠬᠦᠰᠡᠯ ᠰᠠᠨᠠᠭ᠎ᠠ ᠪᠠᠷ ᠨᠢᠭᠡ ᠬᠠᠤᠯᠢ ᠶᠣᠰᠣᠨ ᠤ ᠲᠣᠭᠲᠠᠪᠤᠷᠢᠲᠠᠶ ᠣᠷᠣᠨ ᠰᠠᠭᠤᠴᠠ ᠰᠣᠩᠭᠤᠨ ᠡᠷᠦᠬᠡ ᠠᠮᠠ ᠰᠢᠯᠵᠢᠭᠦᠯᠵᠦ᠂ ᠨᠢᠭᠡ ᠰᠠᠭᠤᠭ᠎ᠠ ᠭᠠᠵᠠᠷ ᠲᠤ ᠵᠥᠪᠬᠡᠨ ᠨᠢᠭᠡ ᠡᠷᠦᠬᠡ ᠶᠢ ᠳᠠᠩᠰᠠᠯᠠᠭᠤᠯᠵᠤ ᠪᠣᠯᠤᠨ᠎ᠠ᠃ ᠣᠷᠣᠨ ᠰᠠᠭᠤᠴᠠ ᠶᠢᠨ ᠪᠤᠰᠤ ᠭᠡᠷ ᠪᠠᠶᠢᠰᠢᠩ ᠪᠠ ᠬᠠᠤᠯᠢ ᠠᠴᠠ ᠵᠥᠷᠢᠴᠡᠭᠰᠡᠨ ᠪᠠᠷᠢᠯᠭ᠎ᠠ ᠳᠤ ᠪᠠᠶᠢᠩᠭᠤ ᠰᠠᠭᠤᠬᠤ ᠡᠷᠦᠬᠡ ᠠᠮᠠ ᠶᠢ ᠳᠠᠩᠰᠠᠯᠠᠵᠤ ᠥᠭᠬᠦ ᠦᠭᠡᠢ᠃    ᠬᠤᠶᠠᠷ᠂ ᠨᠡᠭᠦᠵᠦ ᠣᠷᠣᠬᠤ ᠳᠠᠩᠰᠠᠯᠠᠯ    ᠬᠤᠲᠠ ᠪᠠᠯᠭᠠᠰᠤᠨ ᠳᠤ ᠡᠷᠦᠬᠡ ᠠᠮᠠ ᠪᠠᠨ ᠣᠷᠣᠭᠤᠯᠪᠠᠯ ᠡᠷᠦᠬᠡ ᠠᠮᠠ ᠣᠷᠣᠭᠤᠯᠬᠤ ᠬᠦᠰᠡᠯ ᠪᠠ ᠪᠣᠳᠠᠲᠠᠶ ᠪᠠᠶᠢᠳᠠᠯ ᠶᠣᠰᠣᠭᠠᠷ ᠭᠦᠢᠴᠡᠳᠬᠡᠬᠦ ᠬᠡᠷᠡᠭᠲᠡᠶ᠃    1᠂ ᠲᠣᠰ ᠬᠤᠲᠠ ᠳᠤ ᠬᠠᠤᠯᠢ ᠶᠣᠰᠣᠨ ᠤ ᠲᠣᠭᠲᠠᠪᠤᠷᠢᠲᠠᠶ ᠣᠷᠣᠨ ᠰᠠᠭᠤᠴᠠ ︵ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠪᠠᠭᠲᠠᠨ᠎ᠠ︶ ᠲᠠᠢ ᠪᠣᠯ ᠬᠡᠷ ᠪᠦᠯᠢ ᠶᠢᠨ ᠡᠷᠦᠬᠡ ᠳᠤ ᠣᠷᠣᠬᠤ ᠪᠠᠷ ᠭᠤᠶᠤᠴᠢᠯᠠᠵᠤ ᠪᠣᠯᠤᠨ᠎ᠠ᠃    2. ᠲᠣᠰ ᠬᠤᠲᠠ ᠳᠤ ᠬᠠᠤᠯᠢ ᠶᠣᠰᠣᠨ ᠤ ᠲᠣᠭᠲᠠᠪᠤᠷᠢᠲᠠᠶ ᠣᠷᠣᠨ ᠰᠠᠭᠤᠴᠠ ᠥᠬᠡᠶ᠂ ᠳᠣᠤᠷᠠᠬᠢ ᠡᠷᠦᠬᠡ ᠠᠮᠠ ᠰᠢᠯᠵᠢᠭᠦᠯᠬᠦ ᠨᠥᠬᠦᠴᠡᠯ ᠳᠤ ᠨᠡᠶᠢᠴᠡᠪᠡᠯ ᠬᠠᠮᠲᠤ ᠶᠢᠨ ᠡᠷᠦᠬᠡ ᠶᠢ ᠨᠠᠶᠢᠳᠠᠪᠤᠷᠢᠵᠢᠭᠤᠯᠵᠤ ᠪᠣᠯᠤᠨ᠎ᠠ᠂ ᠬᠠᠮᠲᠤ ᠶᠢᠨ ᠡᠷᠦᠬᠡ ᠳᠤ  ᠨᠢᠭᠡᠴᠡ ᠶᠢᠨ ᠬᠠᠮᠲᠤ ᠶᠢᠨ ᠡᠷᠦᠬᠡ᠂ ᠣᠷᠣᠰᠢᠨ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ᠤᠨ ᠬᠠᠮᠲᠤ ᠶᠢᠨ ᠡᠷᠦᠬᠡ ᠪᠠᠭᠲᠠᠨ᠎ᠠ᠃    ︵1︶ ᠴᠢᠳᠠᠪᠤᠷᠢᠲᠠᠨ ᠤ ᠡᠷᠦᠬᠡ ᠠᠮᠠ ᠰᠢᠯᠵᠢᠭᠦᠯᠬᠦ ᠨᠥᠬᠦᠴᠡᠯ ᠳᠤ ᠨᠡᠶᠢᠴᠡᠭᠰᠡᠨ ᠪᠠᠶᠢᠪᠠᠯ᠃    ︵2︶ ᠮᠡᠷᠭᠡᠵᠢᠯ ᠤᠨ ᠠᠵᠢᠯᠴᠢᠨ ᠤ ᠡᠷᠦᠬᠡ ᠠᠮᠠ ᠰᠢᠯᠵᠢᠭᠦᠯᠬᠦ ᠨᠥᠬᠦᠴᠡᠯ ᠳᠤ ᠨᠡᠶᠢᠴᠡᠭᠰᠡᠨ    ︵3︶ ᠴᠡᠷᠢᠭ ᠤᠨ ᠭᠡᠷ ᠪᠦᠯᠢ ᠳᠠᠭᠠᠵᠤ ᠢᠷᠡᠬᠦ᠂ ᠠᠵᠢᠯ ᠣᠯᠬᠤ᠂ ᠺᠠᠳ᠋ᠷ ᠠᠵᠢᠯᠲᠠᠨ ᠠᠵᠢᠯᠴᠢᠨ ᠢᠶᠠᠨ ᠰᠢᠯᠵᠢᠭᠦᠯᠬᠦ᠂ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠵᠡᠷᠭᠡ ᠪᠤᠰᠤᠳ ᠡᠷᠦᠬᠡ ᠠᠮᠠ ᠰᠢᠯᠵᠢᠭᠦᠯᠬᠦ ᠨᠥᠬᠦᠴᠡᠯ ᠳᠤ ᠨᠡᠶᠢᠴᠡᠭᠰᠡᠨ ᠪᠠᠶᠢᠪᠠᠯ᠃    3. ᠲᠥᠷᠥᠯ ᠰᠠᠳᠤᠨ ᠢᠶᠠᠨ ᠲᠦᠰᠢᠵᠦ ᠡᠷᠦᠬᠡ ᠠᠮᠠ ᠪᠠᠨ ᠣᠷᠣᠭᠤᠯᠤᠨ᠂ ᠬᠤᠲᠠ ᠪᠠᠯᠭᠠᠰᠤ ᠶᠢᠨ ᠬᠡᠪᠴᠢᠶᠡᠨ ᠳᠤ ᠰᠠᠭᠤᠵᠤ ᠪᠠᠶᠢᠭ᠎ᠠ ᠲᠦᠰᠢᠵᠦ ᠪᠠᠶᠢᠭ᠎ᠠ ᠬᠥᠮᠥᠰ ᠤᠨ ᠬᠠᠮᠲᠤ ᠰᠠᠭᠤᠵᠤ ᠠᠮᠢᠳᠤᠷᠠᠵᠤ ᠪᠠᠶᠢᠭ᠎ᠠ ᠬᠠᠨᠢ ᠨᠥᠬᠦᠷ᠂ ᠦᠷ᠎ᠡ ᠬᠡᠦᠬᠡᠳ᠂ ᠣᠮᠪᠣᠯᠣ ︵ᠵᠢᠭᠡ ᠤᠮᠪᠤᠯᠤ ᠦᠷ᠎ᠡ ᠬᠡᠦᠬᠡᠳ︶ ᠪᠣᠯᠣᠨ ᠡᠷ᠎ᠡ ᠡᠮ᠎ᠡ ᠬᠤᠶᠠᠭᠤᠯᠠ ᠶᠢᠨ ᠡᠴᠢᠭᠡ ᠡᠬᠡ ᠂ ᠡᠷᠦᠭᠡ ᠠᠮᠠ ᠣᠷᠣᠬᠤ ᠪᠠᠷ ᠭᠤᠶᠤᠴᠢᠯᠠᠵᠤ ᠪᠣᠯᠣᠨ᠎ᠠ᠃    ᠳᠡᠭᠡᠷ᠎ᠡ ᠳᠤᠷᠠᠳᠤᠭᠰᠠᠨ ᠨᠥᠬᠦᠴᠡᠯ ᠪᠤᠶᠤ ᠪᠤᠰᠤᠳ ᠡᠷᠦᠬᠡ ᠠᠮᠠ ᠰᠢᠯᠵᠢᠭᠦᠯᠬᠦ ᠳᠤ ᠵᠥᠪᠰᠢᠶᠡᠷᠡᠨ ᠣᠷᠣᠭᠤᠯᠬᠤ ᠱᠠᠭᠠᠷᠳᠠᠯᠭ᠎ᠠ ᠳᠤ ᠨᠡᠶᠢᠴᠡᠬᠦ ᠦᠭᠡᠶ ᠪᠣᠯ ᠡᠷᠦᠬᠡ ᠠᠮᠠ ᠣᠷᠣᠭᠤᠯᠬᠤ ᠭᠠᠷᠳᠠᠮ ᠭᠦᠢᠴᠡᠳᠬᠡᠵᠦ ᠥᠭᠬᠦ ᠦᠭᠡᠶ᠃    ᠭᠤᠷᠪᠠ᠂ ᠡᠷᠦᠬᠡ ᠠᠮᠠ ᠶᠢᠨ ᠲᠠᠩᠰᠠ ᠶᠢ ᠭᠦᠢᠴᠡᠳᠬᠡᠬᠦ ᠴᠤᠪᠤᠷᠠᠯ    ︵ᠨᠢᠭᠡ︶ ᠥᠪᠡᠷᠲᠡᠭᠡᠨ ᠵᠠᠰᠠᠬᠤ ᠣᠷᠣᠨ ᠤ ᠭᠠᠳᠠᠨᠠᠬᠢ ᠡᠷᠦᠬᠡ ᠠᠮᠠ ᠶᠢᠨ ᠲᠠᠩᠰᠠ ᠨᠢ ᠲᠣᠰ ᠬᠤᠲᠠ ᠳᠤ ᠨᠡᠭᠦᠵᠦ ᠣᠷᠣᠬᠤ    ᠡᠷᠦᠬᠡ ᠠᠮᠠ ᠣᠷᠣᠭᠤᠯᠤᠭᠰᠠᠨ ᠬᠥᠮᠥᠨ ᠪᠤᠶᠤ ᠬᠦᠯᠢᠶᠡᠨ ᠠᠪᠤᠭᠰᠠᠨ ᠬᠥᠮᠥᠨ ᠨᠢ ᠨᠡᠭᠦᠵᠦ ᠣᠴᠢᠭᠰᠠᠨ ᠭᠠᠵᠠᠷ ᠤᠨ ᠲᠣᠮᠢᠯᠠᠭᠰᠠᠨ ᠰᠠᠯᠪᠤᠷᠢ ᠳᠤ ᠡᠷᠦᠬᠡ ᠠᠮᠠ ᠣᠷᠣᠭᠤᠯᠬᠤ ᠪᠠᠷ ᠭᠤᠶᠤᠴᠢᠯᠠᠵᠤ᠂ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ᠂ ︽ᠨᠡᠭᠦᠵᠦ ᠣᠷᠣᠵᠤ ᠢᠷᠡᠬᠦ ᠶᠢ ᠵᠥᠪᠰᠢᠶᠡᠷᠡᠬᠦ ᠭᠡᠷᠡᠴᠢ︾ ᠭᠠᠷ ᠤᠨ ᠦᠰᠦᠭ ᠵᠢᠷᠤᠵᠤ᠂ ᠡᠷᠦᠬᠡ ᠠᠮᠠ ᠣᠷᠣᠭᠤᠯᠤᠭᠰᠠᠨ ᠬᠥᠮᠥᠨ ᠨᠢ ︽ᠨᠡᠭᠦᠯᠭᠡᠨ ᠣᠷᠣᠭᠤᠯᠬᠤ ᠶᠢ ᠵᠥᠪᠰᠢᠶᠡᠷᠡᠬᠦ ᠭᠡᠷᠡᠴᠢ︾ ᠪᠠᠨ ᠠᠪᠴᠤ ᠨᠡᠭᠦᠵᠦ ᠭᠠᠷᠤᠭᠰᠠᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠳᠤ ︽ᠡᠷᠦᠬᠡ ᠠᠮᠠ ᠰᠢᠯᠵᠢᠭᠦᠯᠬᠦ ᠦᠨᠡᠮᠯᠡᠯ︾ ᠠᠪᠴᠤ᠂ ︽ᠨᠡᠭᠦᠯᠭᠡᠨ ᠣᠷᠣᠭᠤᠯᠬᠤ ᠶᠢ ᠵᠥᠪᠰᠢᠶᠡᠷᠡᠭᠰᠡᠨ ᠭᠡᠷᠡᠴᠢ︾ ᠪᠠᠨ ᠠᠪᠴᠤ ᠨᠡᠭᠦᠵᠦ ᠣᠴᠢᠭᠰᠠᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠳᠤ ᠡᠷᠦᠬᠡ ᠠᠮᠠ ᠣᠷᠣᠭᠤᠯᠬᠤ ᠭᠠᠷ ᠭᠦᠢᠴᠡᠳᠬᠡᠯ ᠬᠢᠪᠡ᠃ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾ ᠵᠠᠭᠪᠤᠷ ᠢ ᠰᠤᠩᠭᠤᠭᠰᠠᠨ ᠪᠠᠶᠢᠪᠠᠯ᠂ ᠨᠡᠭᠦᠯᠭᠡᠵᠦ ᠣᠷᠣᠭᠤᠯᠬᠤ ᠭᠠᠵᠠᠷ ᠲᠤ ᠰᠢᠭᠤᠳ ᠬᠦᠷᠴᠦ ᠡᠷᠦᠬᠡ ᠠᠮᠠ ᠰᠢᠯᠵᠢᠭᠦᠯᠬᠦ ᠶᠢ ᠭᠦᠢᠴᠡᠳᠭᠡᠵᠦ ᠪᠣᠯᠤᠨ᠎ᠠ᠂ ᠣᠯᠠᠨ ᠲᠦᠮᠡᠨ ︽ᠨᠡᠭᠦᠯᠭᠡᠨ ᠣᠷᠣᠭᠤᠯᠬᠤ ᠶᠢ ᠵᠥᠪᠰᠢᠶᠡᠷᠡᠭᠰᠡᠨ ᠭᠡᠷᠡᠴᠢ︾ ︽ᠡᠷᠦᠬᠡ ᠠᠮᠠ ᠰᠢᠯᠵᠢᠭᠦᠯᠬᠦ ᠦᠨᠡᠮᠯᠡᠯ︾ ᠬᠠᠩᠭᠠᠬᠤ ᠴᠢᠬᠤᠯᠠ ᠦᠭᠡᠢ᠃    ︵ᠬᠤᠶᠠᠷ︶ ᠥᠪᠡᠷᠲᠡᠭᠡᠨ ᠵᠠᠰᠠᠬᠤ ᠣᠷᠣᠨ ᠤ ᠡᠷᠦᠬᠡ ᠠᠮᠠ ᠶᠢᠨ ᠳᠠᠩᠰᠠ ᠲᠣᠰ ᠬᠤᠲᠠ ᠳᠤ ᠨᠡᠭᠦᠵᠦ ᠣᠷᠣᠬᠤ    ᠡᠷᠦᠬᠡ ᠠᠮᠠ ᠣᠷᠣᠭᠤᠯᠤᠭᠰᠠᠨ ᠬᠥᠮᠦᠨ ᠪᠤᠶᠤ ᠬᠦᠯᠢᠶᠡᠨ ᠠᠪᠤᠭᠴᠢ ᠠᠴᠠ ᠨᠡᠭᠦᠵᠦ ᠣᠴᠢᠭᠰᠠᠨ ᠭᠠᠵᠠᠷ ᠤᠨ ᠲᠣᠮᠢᠯᠠᠭᠰᠠᠨ ᠰᠠᠯᠪᠤᠷᠢ ᠳᠤ ᠡᠷᠦᠬᠡ ᠠᠮᠠ ᠣᠷᠣᠭᠤᠯᠬᠤ ᠪᠠᠷ ᠭᠤᠶᠤᠴᠢᠯᠠᠵᠤ᠂ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ᠂ ᠲᠣᠮᠢᠯᠠᠭᠰᠠᠨ ᠰᠠᠯᠪᠤᠷᠢ ᠠᠴᠠ ᠡᠷᠦᠬᠡ ᠠᠮᠠ ᠰᠢᠯᠵᠢᠭᠦᠯᠬᠦ ᠰᠢᠰᠲ᠋ᠧᠮ ᠢᠶᠠᠷ ᠳᠠᠮᠵᠢᠭᠤᠯᠤᠨ ᠲᠤᠬᠠᠶᠢᠯᠠᠭᠰᠠᠨ ᠠᠵᠢᠯ ᠢ ᠬᠦᠯᠢᠶᠡᠨ ᠠᠪᠴᠤ᠂ ᠡᠷᠦᠬᠡ ᠠᠮᠠ ᠣᠷᠣᠭᠤᠯᠬᠤ ᠭᠠᠵᠠᠷ ᠤᠨ ᠲᠣᠮᠢᠯᠠᠭᠰᠠᠨ ᠰᠠᠯᠪᠤᠷᠢ ᠨᠢ ᠨᠡᠭᠦᠵᠦ ᠭᠠᠷᠤᠭᠰᠠᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ ᠡᠷᠦᠬᠡ ᠠᠮᠠ ᠰᠢᠯᠵᠢᠭᠦᠯᠬᠦ ᠶᠢ ᠪᠡᠶᠡᠯᠡᠭᠦᠯᠦᠨ᠎ᠡ᠃    ︵ᠲᠦᠷᠪᠡ︶ ︽ᠬᠠᠤᠯᠢ ᠶᠣᠰᠣᠨ ᠤ ᠲᠣᠭᠲᠠᠪᠤᠷᠢᠲᠠᠶ ᠠᠵᠢᠯ ᠣᠯᠭᠤᠯᠲᠠ ᠶᠢᠨ ᠭᠡᠷᠡᠴᠢ ᠪᠠᠷᠢᠮᠲᠠ︾    1. ᠵᠣᠬᠢᠶᠠᠨ ᠪᠠᠶᠢᠭᠤᠯᠤᠯᠲᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠰᠢᠯᠵᠢᠭᠦᠯᠦᠨ ᠪᠠᠭᠤᠯᠭᠠᠭᠰᠠᠨ ᠵᠠᠷᠯᠢᠭ ᠪᠤᠶᠤ ︽ᠠᠯᠪᠠᠲᠠᠨ ᠡᠯᠰᠡᠬᠦ ᠮᠡᠳᠡᠭᠳᠡᠯ ᠤᠨ ᠪᠢᠴᠢᠭ︾ ᠪᠤᠶᠤ ︽ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠵᠤ ᠬᠠᠮᠢᠶᠠᠷᠬᠤ ᠨᠢᠭᠡᠴᠢ ᠶᠢᠨ ᠠᠵᠢᠯᠲᠠᠨ ᠡᠯᠰᠡᠬᠦ ᠮᠡᠳᠡᠭᠳᠡᠯ ᠤᠨ ᠪᠢᠴᠢᠭ︾ ᠪᠤᠶᠤ ︽ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠢ ᠤᠷᠢᠨ ᠬᠡᠷᠡᠭᠯᠡᠬᠦ ᠮᠡᠳᠡᠭᠳᠡᠯ ᠤᠨ ᠪᠢᠴᠢᠭ︾ ᠪᠤᠶᠤ ᠪᠤᠰᠤᠳ ᠲᠤᠰᠢᠶᠠᠯ ᠡᠭᠦᠷᠭᠡᠯᠡᠬᠦ ᠪᠢᠴᠢᠭ ᠮᠠᠲ᠋ᠧᠷᠢᠶᠠᠯ᠃    2. ᠲᠥᠷᠥ ᠶᠢᠨ ᠪᠠᠶᠢᠭᠤᠯᠤᠯᠭ᠎ᠠ᠂ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ ᠡᠯᠰᠡᠭᠰᠡᠨ ᠪᠥᠭᠡᠳ ᠲᠣᠭᠲᠠᠭᠰᠠᠨ ᠬᠥᠳᠡᠯᠮᠦᠷᠢ ᠶᠢᠨ ᠭᠡᠷ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号