︽ᠡᠷᠢᠶᠡᠨ ᠬᠤᠲᠠ ᠶᠢᠨ ᠡᠷᠦᠬᠡ ᠠᠮᠠ ᠶᠢᠨ ᠬᠠᠷᠢᠶ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠬᠤᠲᠠ ᠪᠠᠯᠭᠠᠰᠤᠨ ᠳᠤ ᠡᠷᠦᠬᠡ ᠠᠮᠠ ᠣᠷᠣᠭᠤᠯᠬᠤ ᠬᠢᠵᠠᠭᠠᠷᠯᠠᠯ ᠢ ᠴᠢᠯᠥᠭᠡᠲᠡᠶ ᠪᠣᠯᠭᠠᠬᠤ ᠶᠢᠨ ᠬᠡᠷᠡᠭᠵᠢᠭᠦᠯᠬᠦ ᠨᠠᠷᠢᠨ ᠲᠦᠷᠢᠮ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/12/28
   ᠨᠢᠭᠡ᠂ ᠡᠷᠦᠬᠡ ᠠᠮᠠ ᠰᠢᠯᠵᠢᠭᠦᠯᠬᠦ ᠵᠠᠷᠴᠢᠮ    ᠡᠷᠦᠬᠡ ᠠᠮᠠ ᠰᠢᠯᠵᠢᠭᠦᠯᠬᠦ ᠳᠤ ︽ᠪᠣᠳᠠᠲᠠᠶ ᠣᠷᠣᠰᠢᠨ ᠰᠠᠭᠤᠬᠤ᠂ ᠬᠥᠮᠦᠨ ᠤ ᠡᠷᠦᠬᠡ ᠨᠢᠭᠡᠳᠦᠯᠲᠡᠶ ᠪᠠᠶᠢᠬᠤ︾ ᠵᠠᠷᠴᠢᠮ ᠢ ᠵᠢᠷᠤᠮᠯᠠᠨ᠂ ᠬᠠᠤᠯᠢ ᠶᠣᠰᠣᠨ ᠤ ᠲᠣᠭᠲᠠᠪᠤᠷᠢᠲᠠᠶ ᠣᠷᠣᠨ ᠰᠠᠭᠤᠴᠠ ᠲᠠᠢ ᠪᠥᠭᠡᠳ ᠪᠣᠳᠠᠲᠠᠶ ᠣᠷᠣᠰᠢᠨ ᠰᠠᠭᠤᠬᠤ ᠪᠠᠷ ᠦᠨᠳᠦᠰᠦᠨ ᠨᠥᠬᠦᠴᠡᠯ ᠪᠣᠯᠭᠠᠵᠤ᠂ ︽ᠤᠷᠢᠳᠠᠪᠠᠷ ᠬᠡᠷ ᠪᠦᠯᠢ ᠶᠢᠨ ᠡᠷᠦᠬᠡ᠂ ᠳᠠᠷᠠᠭ᠎ᠠ ᠨᠢ ᠬᠠᠮᠲᠤ ᠶᠢᠨ ᠡᠷᠦᠬᠡ︾ ᠶᠢᠨ ᠶᠣᠰᠣᠭᠠᠷ ᠡᠷᠦᠬᠡ ᠠᠮᠠ ᠰᠢᠯᠵᠢᠭᠦᠯᠬᠦ ᠶᠢ ᠭᠦᠢᠴᠡᠳᠬᠡᠨ᠎ᠡ᠃ ᠠᠷᠠᠳ ᠢᠷᠭᠡᠨ ᠲᠣᠰ ᠬᠤᠲᠠ ᠳᠤ ᠣᠯᠠᠨ ᠭᠠᠵᠠᠷ ᠲᠤ ᠬᠠᠤᠯᠢ ᠶᠣᠰᠣᠨ ᠤ ᠲᠣᠭᠲᠠᠪᠤᠷᠢᠲᠠᠶ ᠣᠷᠣᠨ ᠰᠠᠭᠤᠴᠠ ᠲᠠᠢ ᠪᠠᠶᠢᠪᠠᠯ᠂ ᠲᠣᠰ ᠬᠥᠮᠦᠨ ᠤ ᠬᠦᠰᠡᠯ ᠰᠠᠨᠠᠭ᠎ᠠ ᠪᠠᠷ ᠨᠢᠭᠡ ᠬᠠᠤᠯᠢ ᠶᠣᠰᠣᠨ ᠤ ᠲᠣᠭᠲᠠᠪᠤᠷᠢᠲᠠᠶ ᠣᠷᠣᠨ ᠰᠠᠭᠤᠴᠠ ᠰᠣᠩᠭᠤᠨ ᠡᠷᠦᠬᠡ ᠠᠮᠠ ᠰᠢᠯᠵᠢᠭᠦᠯᠵᠦ᠂ ᠨᠢᠭᠡ ᠰᠠᠭᠤᠭ᠎ᠠ ᠭᠠᠵᠠᠷ ᠲᠤ ᠵᠥᠪᠬᠡᠨ ᠨᠢᠭᠡ ᠡᠷᠦᠬᠡ ᠶᠢ ᠳᠠᠩᠰᠠᠯᠠᠭᠤᠯᠵᠤ ᠪᠣᠯᠤᠨ᠎ᠠ᠃ ᠣᠷᠣᠨ ᠰᠠᠭᠤᠴᠠ ᠶᠢᠨ ᠪᠤᠰᠤ ᠭᠡᠷ ᠪᠠᠶᠢᠰᠢᠩ ᠪᠠ ᠬᠠᠤᠯᠢ ᠠᠴᠠ ᠵᠥᠷᠢᠴᠡᠭᠰᠡᠨ ᠪᠠᠷᠢᠯᠭ᠎ᠠ ᠳᠤ ᠪᠠᠶᠢᠩᠭᠤ ᠰᠠᠭᠤᠬᠤ ᠡᠷᠦᠬᠡ ᠠᠮᠠ ᠶᠢ ᠳᠠᠩᠰᠠᠯᠠᠵᠤ ᠥᠭᠬᠦ ᠦᠭᠡᠢ᠃    ᠬᠤᠶᠠᠷ᠂ ᠨᠡᠭᠦᠵᠦ ᠣᠷᠣᠬᠤ ᠳᠠᠩᠰᠠᠯᠠᠯ    ᠬᠤᠲᠠ ᠪᠠᠯᠭᠠᠰᠤᠨ ᠳᠤ ᠡᠷᠦᠬᠡ ᠠᠮᠠ ᠪᠠᠨ ᠣᠷᠣᠭᠤᠯᠪᠠᠯ ᠡᠷᠦᠬᠡ ᠠᠮᠠ ᠣᠷᠣᠭᠤᠯᠬᠤ ᠬᠦᠰᠡᠯ ᠪᠠ ᠪᠣᠳᠠᠲᠠᠶ ᠪᠠᠶᠢᠳᠠᠯ ᠶᠣᠰᠣᠭᠠᠷ ᠭᠦᠢᠴᠡᠳᠬᠡᠬᠦ ᠬᠡᠷᠡᠭᠲᠡᠶ᠃    1᠂ ᠲᠣᠰ ᠬᠤᠲᠠ ᠳᠤ ᠬᠠᠤᠯᠢ ᠶᠣᠰᠣᠨ ᠤ ᠲᠣᠭᠲᠠᠪᠤᠷᠢᠲᠠᠶ ᠣᠷᠣᠨ ᠰᠠᠭᠤᠴᠠ ︵ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠪᠠᠭᠲᠠᠨ᠎ᠠ︶ ᠲᠠᠢ ᠪᠣᠯ ᠬᠡᠷ ᠪᠦᠯᠢ ᠶᠢᠨ ᠡᠷᠦᠬᠡ ᠳᠤ ᠣᠷᠣᠬᠤ ᠪᠠᠷ ᠭᠤᠶᠤᠴᠢᠯᠠᠵᠤ ᠪᠣᠯᠤᠨ᠎ᠠ᠃    2. ᠲᠣᠰ ᠬᠤᠲᠠ ᠳᠤ ᠬᠠᠤᠯᠢ ᠶᠣᠰᠣᠨ ᠤ ᠲᠣᠭᠲᠠᠪᠤᠷᠢᠲᠠᠶ ᠣᠷᠣᠨ ᠰᠠᠭᠤᠴᠠ ᠥᠬᠡᠶ᠂ ᠳᠣᠤᠷᠠᠬᠢ ᠡᠷᠦᠬᠡ ᠠᠮᠠ ᠰᠢᠯᠵᠢᠭᠦᠯᠬᠦ ᠨᠥᠬᠦᠴᠡᠯ ᠳᠤ ᠨᠡᠶᠢᠴᠡᠪᠡᠯ ᠬᠠᠮᠲᠤ ᠶᠢᠨ ᠡᠷᠦᠬᠡ ᠶᠢ ᠨᠠᠶᠢᠳᠠᠪᠤᠷᠢᠵᠢᠭᠤᠯᠵᠤ ᠪᠣᠯᠤᠨ᠎ᠠ᠂ ᠬᠠᠮᠲᠤ ᠶᠢᠨ ᠡᠷᠦᠬᠡ ᠳᠤ ᠨᠢᠭᠡᠴᠡ ᠶᠢᠨ ᠬᠠᠮᠲᠤ ᠶᠢᠨ ᠡᠷᠦᠬᠡ᠂ ᠣᠷᠣᠰᠢᠨ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ᠤᠨ ᠬᠠᠮᠲᠤ ᠶᠢᠨ ᠡᠷᠦᠬᠡ ᠪᠠᠭᠲᠠᠨ᠎ᠠ᠃    ︵1︶ ᠴᠢᠳᠠᠪᠤᠷᠢᠲᠠᠨ ᠤ ᠡᠷᠦᠬᠡ ᠠᠮᠠ ᠰᠢᠯᠵᠢᠭᠦᠯᠬᠦ ᠨᠥᠬᠦᠴᠡᠯ ᠳᠤ ᠨᠡᠶᠢᠴᠡᠭᠰᠡᠨ ᠪᠠᠶᠢᠪᠠᠯ᠃    ︵2︶ ᠮᠡᠷᠭᠡᠵᠢᠯ ᠤᠨ ᠠᠵᠢᠯᠴᠢᠨ ᠤ ᠡᠷᠦᠬᠡ ᠠᠮᠠ ᠰᠢᠯᠵᠢᠭᠦᠯᠬᠦ ᠨᠥᠬᠦᠴᠡᠯ ᠳᠤ ᠨᠡᠶᠢᠴᠡᠭᠰᠡᠨ    ︵3︶ ᠴᠡᠷᠢᠭ ᠤᠨ ᠭᠡᠷ ᠪᠦᠯᠢ ᠳᠠᠭᠠᠵᠤ ᠢᠷᠡᠬᠦ᠂ ᠠᠵᠢᠯ ᠣᠯᠬᠤ᠂ ᠺᠠᠳ᠋ᠷ ᠠᠵᠢᠯᠲᠠᠨ ᠠᠵᠢᠯᠴᠢᠨ ᠢᠶᠠᠨ ᠰᠢᠯᠵᠢᠭᠦᠯᠬᠦ᠂ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠵᠡᠷᠭᠡ ᠪᠤᠰᠤᠳ ᠡᠷᠦᠬᠡ ᠠᠮᠠ ᠰᠢᠯᠵᠢᠭᠦᠯᠬᠦ ᠨᠥᠬᠦᠴᠡᠯ ᠳᠤ ᠨᠡᠶᠢᠴᠡᠭᠰᠡᠨ ᠪᠠᠶᠢᠪᠠᠯ᠃    3. ᠲᠥᠷᠥᠯ ᠰᠠᠳᠤᠨ ᠢᠶᠠᠨ ᠲᠦᠰᠢᠵᠦ ᠡᠷᠦᠬᠡ ᠠᠮᠠ ᠪᠠᠨ ᠣᠷᠣᠭᠤᠯᠤᠨ᠂ ᠬᠤᠲᠠ ᠪᠠᠯᠭᠠᠰᠤ ᠶᠢᠨ ᠬᠡᠪᠴᠢᠶᠡᠨ ᠳᠤ ᠰᠠᠭᠤᠵᠤ ᠪᠠᠶᠢᠭ᠎ᠠ ᠲᠦᠰᠢᠵᠦ ᠪᠠᠶᠢᠭ᠎ᠠ ᠬᠥᠮᠥᠰ ᠤᠨ ᠬᠠᠮᠲᠤ ᠰᠠᠭᠤᠵᠤ ᠠᠮᠢᠳᠤᠷᠠᠵᠤ ᠪᠠᠶᠢᠭ᠎ᠠ ᠬᠠᠨᠢ ᠨᠥᠬᠦᠷ᠂ ᠦᠷ᠎ᠡ ᠬᠡᠦᠬᠡᠳ᠂ ᠣᠮᠪᠣᠯᠣ ︵ᠵᠢᠭᠡ ᠤᠮᠪᠤᠯᠤ ᠦᠷ᠎ᠡ ᠬᠡᠦᠬᠡᠳ︶ ᠪᠣᠯᠣᠨ ᠡᠷ᠎ᠡ ᠡᠮ᠎ᠡ ᠬᠤᠶᠠᠭᠤᠯᠠ ᠶᠢᠨ ᠡᠴᠢᠭᠡ ᠡᠬᠡ ᠂ ᠡᠷᠦᠬᠡ ᠠᠮᠠ ᠣᠷᠣᠭᠤᠯᠬᠤ ᠪᠠᠷ ᠭᠤᠶᠤᠴᠢᠯᠠᠵᠤ ᠪᠣᠯᠣᠨ᠎ᠠ᠃    ᠳᠡᠭᠡᠷ᠎ᠡ ᠳᠤᠷᠠᠳᠤᠭᠰᠠᠨ ᠨᠥᠬᠦᠴᠡᠯ ᠪᠤᠶᠤ ᠪᠤᠰᠤᠳ ᠡᠷᠦᠬᠡ ᠠᠮᠠ ᠰᠢᠯᠵᠢᠭᠦᠯᠬᠦ ᠳᠤ ᠵᠥᠪᠰᠢᠶᠡᠷᠡᠨ ᠣᠷᠣᠭᠤᠯᠬᠤ ᠱᠠᠭᠠᠷᠳᠠᠯᠭ᠎ᠠ ᠳᠤ ᠨᠡᠶᠢᠴᠡᠬᠦ ᠦᠭᠡᠶ ᠪᠣᠯ ᠡᠷᠦᠬᠡ ᠠᠮᠠ ᠣᠷᠣᠭᠤᠯᠬᠤ ᠭᠠᠷᠳᠠᠮ ᠭᠦᠢᠴᠡᠳᠬᠡᠵᠦ ᠥᠭᠬᠦ ᠦᠭᠡᠶ᠃    
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号