【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠠᠷᠭ᠎ᠠ ᠬᠡᠮᠵᠢᠶ᠎ᠡ ᠪᠠᠨ ᠴᠢᠩᠭᠠᠳᠬᠠᠵᠤ ᠦᠢᠯᠡᠴᠢᠯᠡᠭᠡ ᠶᠢ ᠰᠢᠯᠢᠳᠡᠭᠵᠢᠭᠦᠯᠦᠨ᠎ᠡ︕ ᠡᠷᠢᠶᠡᠨ ᠵᠠᠰᠠᠮᠠᠯ ᠵᠠᠮ ᠤᠨ ᠪᠣᠭᠤᠮᠲᠠ ᠪᠠᠷ ᠥᠩᠭᠡᠷᠡᠬᠦ ︽ᠬᠤᠷᠳᠤᠴᠠ ᠪᠠᠨ  ᠲᠦᠷᠭᠡᠳᠬᠡᠪᠡ︾
ᠨᠡᠶᠢᠲᠡᠯᠡᠭᠰᠡᠨ ᠴᠠᠭ᠄
2023/12/29
  12 ᠰᠠᠷ᠎ᠠ ᠶᠢᠨ 16 ᠤ ᠡᠳᠦᠷ ᠡᠷᠢᠶᠡᠨ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢ 24 ᠴᠠᠭ ᠤᠨ ᠪᠣᠭᠤᠮᠲᠠ ᠪᠠᠷ ᠥᠩᠭᠡᠷᠡᠬᠦ ᠶᠢ ᠠᠩᠬ᠎ᠠ ᠤᠳᠠᠭ᠎ᠠ ᠲᠤᠷᠰᠢᠨ ᠬᠡᠷᠡᠭᠵᠢᠭᠦᠯᠦᠭᠰᠡᠨ ᠠᠴᠠ ᠨᠠᠰᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠷᠭ᠎ᠠ ᠬᠡᠮᠵᠢᠶ᠎ᠡ ᠪᠠᠨ ᠴᠢᠩᠭᠠᠳᠬᠠᠨ ᠦᠢᠯᠡᠴᠢᠯᠡᠭᠡ ᠪᠠᠨ ᠰᠢᠯᠢᠳᠡᠭᠵᠢᠭᠦᠯᠵᠦ᠂ ᠪᠣᠭᠤᠮᠲᠠ ᠪᠠᠷ ᠥᠩᠭᠡᠷᠡᠬᠦ ︽ᠬᠤᠷᠳᠤᠴᠠ ᠪᠠᠨ ᠲᠦᠷᠭᠡᠳᠬᠡᠬᠦ︾ ᠳᠤ ᠬᠦᠴᠦᠨ ᠨᠡᠮᠡᠷᠢᠯᠡᠪᠡ᠃    12 ᠰᠠᠷ᠎ᠠ ᠶᠢᠨ 27 ᠤ ᠡᠳᠦᠷ ᠤᠨ ᠣᠷᠣᠶ ᠶᠢᠨ 8 ᠴᠠᠭ ᠲᠤ᠂ ᠡᠷᠢᠶᠡᠨ ᠵᠠᠰᠠᠮᠠᠯ ᠵᠠᠮ ᠤᠨ ᠪᠣᠭᠤᠮᠲᠠ ᠳᠤ ᠮᠥᠨ ᠯᠡ ᠶᠠᠭᠠᠷᠠᠯᠲᠠᠶ ᠪᠠᠶᠢᠯ᠎ᠠ᠃ 35 ᠰᠢᠷᠭᠡᠭ ᠪᠣᠭᠤᠮᠳᠠ ᠪᠠᠷ ᠭᠠᠷᠬᠤ ᠨᠡᠶᠢᠲᠡ ᠶᠢᠨ ᠮᠠᠰᠢᠨ ᠲᠡᠷᠭᠡ ᠡᠮᠬᠢ ᠵᠢᠷᠤᠮ ᠲᠠᠢ ᠪᠠᠷ ᠵᠢᠭᠰᠠᠵᠦ᠂ ᠪᠠᠶᠢᠴᠠᠭᠠᠨ ᠰᠢᠯᠭᠠᠵᠤ ᠥᠩᠭᠡᠷᠡᠭᠦᠯᠦᠭᠰᠡᠨ ᠤ ᠳᠠᠷᠠᠭ᠎ᠠ ᠪᠣᠭᠤᠮᠲᠠ ᠠᠴᠠ ᠭᠠᠷᠴᠤ ᠪᠣᠯᠤᠨ᠎ᠠ᠃ ᠬᠠᠷᠢᠨ ᠲᠡᠷᠭᠡ ᠬᠥᠰᠬᠡ ᠪᠣᠭᠤᠮᠲᠠ ᠪᠠᠷ ᠥᠩᠭᠡᠷᠡᠬᠦ ᠭᠠᠷ ᠭᠦᠢᠴᠡᠳᠬᠡᠯ ᠬᠢᠬᠦ ᠠᠴᠠ ᠠᠪᠤᠭᠠᠳ ᠪᠣᠭᠤᠮᠲᠠ ᠪᠠᠷ ᠥᠩᠭᠡᠷᠡᠬᠦ ᠬᠦᠷᠲᠡᠯ᠎ᠡ᠂ ᠵᠥᠪᠬᠡᠨ ᠬᠡᠳᠦᠨ ᠮᠢᠨᠦ᠋ᠲ ᠤᠨ ᠴᠠᠭ ᠬᠡᠷᠡᠭᠰᠡᠵᠦ᠂ ︽ᠢᠷᠡᠮᠡᠭᠴᠡ ᠪᠠᠶᠢᠴᠠᠭᠠᠵᠦ ᠲᠠᠯᠪᠢᠬᠤ︾ ᠶᠢ ᠪᠡᠶᠡᠯᠡᠭᠦᠯᠪᠡ᠃    ᠣᠶᠢᠯᠠᠭᠠᠭᠰᠠᠨ ᠢᠶᠠᠷ᠂ ᠬᠠᠮᠲᠤᠷᠠᠨ ᠪᠠᠶᠢᠴᠠᠭᠠᠬᠤ ᠬᠠᠮᠲᠤᠷᠠᠭᠰᠠᠨ ᠲᠡᠭᠡᠭᠡᠪᠦᠷᠢ ᠶᠢᠨ ᠰᠠᠯᠠᠭ᠎ᠠ ᠮᠥᠴᠢᠷ ᠬᠠᠷᠢᠯᠴᠠᠨ ᠬᠠᠮᠵᠢᠯᠴᠠᠵᠤ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠵᠦ᠂ ᠲᠡᠷᠭᠡ ᠬᠥᠰᠬᠡ ᠶᠢᠨ ᠪᠣᠭᠤᠮᠲᠠ ᠪᠠᠷ ᠥᠩᠭᠡᠷᠡᠬᠦ ᠶᠢ ᠥᠯᠥ ᠬᠤᠶᠢᠰᠢᠯᠠᠭᠤᠯᠬᠤ᠂ ᠬᠦᠯᠢᠶᠡᠬᠦ ᠥᠬᠡᠶ ᠪᠠᠶᠢᠬᠤ ᠶᠢ ᠦᠨᠡᠨ ᠬᠦ ᠪᠠᠲᠤᠯᠠᠵᠤ᠂ ᠠᠵᠤ ᠠᠬᠤᠶᠢᠯᠠᠯ ᠤᠨ ᠵᠠᠬᠢᠶᠠᠯᠠᠭ᠎ᠠ ᠶᠢ ᠪᠠᠲᠤᠯᠠᠬᠤ᠂ ᠭᠠᠳᠠᠭᠠᠳᠤ ᠭᠠᠷᠭᠠᠯᠲᠠ ᠶᠢ ᠲᠣᠭᠲᠠᠪᠤᠷᠢᠵᠢᠭᠤᠯᠬᠤ ᠳᠤ ᠬᠦᠴᠦᠨ ᠨᠡᠮᠡᠷᠢᠯᠡᠵᠦ᠂ ᠨᠠᠩ ᠣᠯᠠᠨ ︽ᠳᠤᠮᠳᠠᠳᠤ ᠤᠯᠤᠰ ᠦᠢᠯᠡᠳᠬᠦ︾ ᠶᠢ ᠭᠠᠳᠠᠭᠠᠳᠤ ᠳᠤ ᠭᠠᠷᠭᠠᠨ᠎ᠠ᠃ ᠪᠦᠷᠢᠳᠬᠡᠯ ᠢ ᠦᠨᠳᠦᠰᠦᠯᠡᠪᠡᠯ᠂ 24 ᠴᠠᠭ ᠢᠶᠠᠷ ᠪᠣᠭᠤᠮᠲᠠ ᠪᠠᠷ ᠥᠩᠭᠡᠷᠡᠬᠦ ᠠᠴᠠ ᠨᠠᠰᠢ᠂ ᠡᠷᠢᠶᠡᠨ ᠵᠠᠰᠠᠮᠠᠯ ᠵᠠᠮ ᠤᠨ ᠪᠣᠭᠤᠮᠲᠠ ᠶᠢᠨ ᠬᠢᠨ ᠬᠢᠯᠢ ᠪᠠᠷ ᠭᠠᠷᠴᠤ ᠣᠷᠣᠬᠤ ᠲᠡᠷᠭᠡ ᠬᠥᠰᠬᠡ ᠶᠢ ᠨᠡᠶᠢᠲᠡ 5500 ᠬᠦᠷᠦᠭᠰᠡᠨ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号