ᠡᠷᠢᠶᠡᠨ ᠬᠤᠲᠠ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠴᠠᠭᠠᠨ ᠰᠤᠳᠤᠯᠤᠯᠲᠠ ᠶᠢᠨ ᠰᠠᠭᠤᠳᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/29
  12 ᠰᠠᠷ᠎ᠠ ᠶᠢᠨ 27 ᠤ ᠡᠳᠦᠷ᠂ ᠮᠠᠨ ᠤ ᠬᠤᠲᠠ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠴᠠᠭᠠᠨ ᠰᠤᠳᠤᠯᠤᠯᠲᠠ ᠶᠢᠨ ᠰᠠᠭᠤᠳᠠᠯ ᠤᠨ ᠬᠤᠷᠠᠯ ᠬᠤᠷᠠᠯᠳᠤᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠶ ᠬᠠᠮᠢᠶ᠎ᠠ ᠪᠥᠬᠦᠶ ᠰᠠᠯᠠᠭ᠎ᠠ ᠮᠥᠴᠢᠷ᠂ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠰᠠᠨᠠᠯ ᠰᠠᠨᠠᠭᠤᠯᠭ᠎ᠠ ᠶᠢ ᠬᠤᠷᠢᠶᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠶᠠᠩ ᠶᠢᠨ ᠷᠦᠢ ᠬᠤᠷᠠᠯ ᠳᠤ ᠣᠷᠣᠯᠴᠠᠪᠠ᠃    ᠰᠠᠭᠤᠳᠠᠯ ᠤᠨ ᠬᠤᠷᠠᠯ ᠳᠡᠭᠡᠷ᠎ᠡ᠂ ᠮᠠᠨ ᠤ ᠬᠤᠲᠠ ᠶᠢᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠲᠥᠯᠥᠭᠡᠯᠡᠭᠴᠢ ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠬᠥᠭᠵᠢᠯᠲᠡ ᠶᠢᠨ ᠣᠳᠣᠬᠢ ᠪᠠᠶᠢᠳᠠᠯ ᠲᠠᠢ ᠤᠶᠠᠯᠳᠤᠭᠤᠯᠤᠨ᠂ ᠮᠠᠨ ᠤ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠳᠠᠪᠠᠭᠤᠯᠢᠭ᠂ ᠣᠷᠣᠰᠢᠵᠤ ᠪᠠᠶᠢᠭ᠎ᠠ ᠠᠰᠠᠭᠤᠳᠠᠯ ᠪᠠ ᠰᠠᠨᠠᠯ ᠰᠠᠨᠠᠭᠤᠯᠭ᠎ᠠ ᠶᠢᠨ ᠲᠣᠭᠤᠷᠢᠨ ᠳᠤ ᠶᠠᠷᠢᠯᠴᠠᠭ᠎ᠠ ᠥᠷᠨᠢᠭᠦᠯᠪᠡ᠃    ᠬᠤᠷᠠᠯ ᠠᠴᠠ᠂ ᠲᠣᠰ ᠤᠳᠠᠭᠠᠨ ᠤ ᠰᠠᠭᠤᠳᠠᠯ ᠤᠨ ᠬᠤᠷᠠᠯ ᠨᠢ ᠪᠣᠭᠤᠮᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠲᠤᠬᠠᠶ ᠨᠠᠩ ᠭᠦᠨᠵᠡᠭᠡᠶ ᠣᠶᠢᠯᠠᠭᠠᠯᠲᠠ ᠲᠠᠢ ᠪᠣᠯᠤᠭᠰᠠᠨ ᠮᠥᠷᠲᠡᠭᠡᠨ ᠪᠠᠰᠠ ᠬᠠᠨᠳᠤᠯᠭᠠᠲᠤ ᠴᠢᠨᠠᠷᠲᠠᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠬᠦ ᠳᠤ ᠯᠠᠪᠯᠠᠯᠲᠠ ᠬᠠᠩᠭᠠᠭᠰᠠᠨ ᠪᠠᠶᠢᠨ᠎ᠠ᠃ ᠬᠤᠷᠠᠯ ᠳᠤ ᠣᠷᠣᠯᠴᠠᠭᠰᠠᠳ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠨᠠᠷᠢᠨ ᠬᠢᠨᠠᠮᠠᠭᠠᠢ ᠬᠤᠷᠢᠶᠠᠩᠭᠤᠶᠢᠯᠠᠨ ᠡᠮᠬᠢᠯᠡᠵᠦ᠂ ᠮᠡᠳᠡᠭᠦᠯᠦᠯᠲᠡ ᠪᠣᠯᠭᠠᠵᠤ᠂ ᠦᠢᠯᠡᠳᠦᠯᠭᠡ ᠶᠢ ᠵᠢᠯᠣᠭᠤᠳᠴᠤ᠂ ᠮᠠᠨ ᠤ ᠬᠤᠲᠠ ᠶᠢᠨ ᠰᠣᠶᠣᠯ ᠵᠤᠭᠠᠴᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠤᠨ᠎ᠠ ᠭᠡᠵᠦ ᠵᠢᠭᠠᠵᠦ ᠭᠠᠷᠭᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号