ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ︽ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ︾ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/29
  12 ᠰᠠᠷ᠎ᠠ ᠶᠢᠨ 27 ᠤ ᠡᠳᠦᠷ᠂ ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ︽ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ︾ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠭᠧᠩ ᡁᠢ ᠵᠢᠶᠦ᠋ᠨ ᠨᠠᠮ ᠤᠨ ᠰᠤᠷᠲᠠᠯ ᠴᠢᠬᠡᠴᠢ ᠵᠠᠰᠠᠭ ᠤᠨ ᠰᠡᠷᠡᠮᠵᠢᠯᠡᠭᠦᠯᠬᠦ ᠬᠥᠮᠦᠵᠢᠯ ᠤᠨ ᠮᠡᠳᠡᠭᠦᠯᠦᠯᠲᠡ ᠬᠢᠪᠡ᠃    ᠬᠤᠷᠠᠯ ᠠᠴᠠ᠂ ᠪᠦᠬᠦ ᠬᠤᠳᠠ ᠶᠢᠨ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠬᠢᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠡᠰᠡᠷᠭᠦ ᠲᠠᠯ᠎ᠠ ᠶᠢᠨ ᠨᠡᠶᠢᠲᠡᠯᠢᠭ ᠲᠤᠷᠰᠢᠯᠭ᠎ᠠ ᠰᠤᠷᠭᠠᠮᠵᠢ ᠶᠢ ᠭᠦᠢᠴᠡᠳ ᠰᠢᠩᠭᠡᠭᠡᠨ ᠠᠪᠴᠤ᠂ ᠲᠠᠷᠢᠬᠢ ᠲᠣᠯᠣᠭᠠᠢ ᠪᠠᠨ ᠢᠮᠠᠭᠲᠠ ᠰᠡᠷᠭᠡᠭ ᠪᠠᠶᠢᠯᠭᠠᠵᠤ᠂ ᠢᠯᠵᠢᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭ᠎ᠠ ᠶᠣᠰᠣ ᠰᠤᠷᠲᠠᠬᠤᠨ ᠤ ᠰᠡᠷᠭᠡᠶᠢᠯᠡᠯᠲᠡ ᠶᠢᠨ ᠱᠤᠭᠤᠮ ᠢ  ᠪᠠᠲᠤ ᠪᠠᠬᠢ ᠪᠤᠢ ᠪᠣᠯᠭᠠᠵᠤ᠂ ᠨᠡᠩ ᠴᠢᠩᠭ᠎ᠠ ᠨᠡᠩ ᠪᠣᠳᠠᠲᠠᠢ ᠠᠵᠢᠯ ᠤᠨ ᠠᠷᠭ᠎ᠠ ᠬᠡᠮᠵᠢᠶ᠎ᠡ ᠪᠠᠷ ︽ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ︾ ᠲᠤᠰᠬᠠᠢ ᠠᠵᠢᠯᠯᠠᠭ᠎ᠠ ᠶᠢ ᠭᠦᠨᠵᠡᠭᠡᠶᠢᠷᠡᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠰᠢᠨ᠎ᠡ ᠴᠠᠭ ᠦᠶ᠎ᠡ ᠶᠢᠨ ᠤᠯᠤᠰ ᠲᠦᠷᠦ ᠬᠠᠤᠯᠢ ᠴᠠᠭᠠᠵᠠ ᠶᠢᠨ ᠲᠡᠮᠦᠷ ᠴᠡᠷᠢᠭ ᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠨᠠᠮ ᠳᠠᠭᠠᠨ ᠬᠠᠷᠢᠴᠠᠯᠠᠰᠢᠭᠦᠢ ᠦᠨᠡᠨᠴᠢ ᠰᠢᠳᠤᠷᠭᠤ ᠪᠠᠶᠢᠬᠤ ᠶᠢ ᠡᠷᠡᠰ ᠪᠡᠶᠡᠯᠡᠭᠦᠯᠵᠦ᠂ ᠤᠯᠤᠰ ᠲᠦᠷᠦ ᠶᠢᠨ ᠤᠬᠠᠮᠰᠠᠷ ᠢ ᠪᠦᠬᠦ ᠲᠠᠯ᠎ᠠ ᠪᠠᠷ ᠪᠠᠲᠤ ᠪᠤᠢ ᠪᠣᠯᠭᠠᠵᠤ᠂ ᠨᠠᠮ ᠤᠨ ᠲᠥᠪ ᠬᠤᠷᠢᠶᠠᠨ ᠤ ᠢᠯᠵᠢᠷᠡᠯ ᠢ ᠡᠰᠡᠷᠭᠦᠴᠡᠵᠦ ᠮᠠᠭᠤ ᠶᠢ ᠵᠠᠯᠬᠠᠭᠠᠬᠤ ᠡᠷᠡᠰ ᠵᠣᠷᠢᠭ ᠪᠠ ᠡᠷᠡᠰ ᠪᠠᠲᠤ ᠵᠣᠷᠢᠭ ᠰᠠᠨᠠᠭ᠎ᠠ ᠶᠢ ᠭᠦᠨᠵᠡᠭᠡᠢ ᠲᠠᠨᠢᠬᠤ ᠬᠡᠷᠡᠭᠲᠡᠢ᠃ ᠰᠠᠬᠢᠯᠭ᠎ᠠ ᠪᠠᠲᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠢᠨᠠᠯᠲᠠ ᠬᠠᠮᠢᠶᠠᠷᠤᠯᠲᠠ ᠪᠠᠨ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠴᠠᠭ ᠢᠮᠠᠭᠲᠠ ᠤᠯᠤᠰ ᠲᠦᠷᠦ ᠶᠢᠨ ᠰᠡᠷᠭᠡᠭ ᠪᠠᠶᠢᠬᠤ ᠶᠢ ᠪᠠᠲᠤᠯᠠᠵᠤ᠂ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠶᠢ ᠭᠤᠶᠢᠪᠢᠰᠢ ᠦᠭᠡᠢ ᠪᠠᠷᠢᠮᠲᠠᠯᠠᠵᠤ᠂ ᠠᠷᠢᠭᠤᠨ ᠴᠢᠬᠡᠴᠢ ᠣᠪᠣᠷ ᠲᠥᠪ ᠰᠤᠷᠲᠠᠯ ᠢ ᠦᠷᠭᠦᠯᠵᠢᠯᠡᠨ ᠬᠥᠭᠵᠢᠭᠡᠵᠦ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠳᠤ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠪᠠᠨ ᠰᠡᠷᠭᠡᠭ ᠢᠶᠠᠷ ᠲᠠᠨᠢᠵᠤ᠂ ᠵᠥᠪ ᠢᠶᠠᠷ ᠬᠠᠨᠳᠤᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠪᠤᠷᠤᠭᠤ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠬᠠᠷᠠᠰᠠᠯᠳᠤ ᠰᠤᠷᠭᠠᠮᠵᠢ ᠶᠢ ᠤᠯᠠᠮ ᠨᠢᠭᠡ ᠠᠯᠬᠤᠮ ᠰᠢᠩᠭᠡᠭᠡᠨ ᠠᠪᠬᠤ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠠᠬᠢ ᠬᠠᠷᠢᠴᠠᠯᠠᠰᠢᠭᠦᠢ ᠤᠳᠤᠷᠢᠳᠤᠯᠭ᠎ᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠡᠷᠬᠡ ᠶᠢ ᠴᠢᠩᠭ᠎ᠠ ᠵᠢᠷᠤᠮᠵᠢᠭᠤᠯᠤᠨ ᠬᠡᠷᠡᠭᠵᠢᠭᠦᠯᠵᠦ᠂ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠢᠯᠵᠠᠷᠠᠯ ᠤᠨ ᠠᠰᠠᠭᠤᠳᠠᠯ ᠢ ᠴᠢᠩᠭ᠎ᠠ ᠵᠠᠯᠬᠠᠭᠠᠨ ᠰᠢᠳᠬᠡᠬᠦ ᠬᠡᠷᠡᠭᠲᠡᠢ᠃    ᠬᠤᠲᠠ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠵᠢᠴᠢ ᠰᠠᠯᠠᠭᠠᠨ ᠲᠠᠰ ᠤᠨ ᠺᠠᠳ᠋ᠷ᠂ ᠰᠤᠮᠤᠨ ᠤ ᠨᠡᠶᠢᠭᠡᠮ ᠲᠣᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠪᠠᠶᠢᠭᠤᠯᠭ᠎ᠠ ᠶᠢᠨ ᠪᠥᠬᠦ ᠬᠥᠮᠦᠰ ᠶᠡᠭᠡ ᠬᠤᠷᠠᠯ ᠳᠤ ᠣᠷᠣᠯᠴᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号