ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ  ᠲᠦᠭᠡᠮᠡᠯ ᠬᠠᠶᠢᠷ᠎ᠠ ᠶᠢ ᠲᠦᠮᠡᠨ ᠡᠷᠦᠬᠡ ᠳᠤ ᠬᠦᠷᠭᠡᠬᠦ ᠠᠵᠢᠯᠯᠠᠭ᠎ᠠ  ᠪᠠᠷ ᠬᠠᠮᠤᠭ  ᠭᠤᠶᠣ ︽ᠣᠷᠴᠢᠨ ᠲᠣᠭᠤᠷᠢᠨ ᠤ ᠴᠡᠪᠡᠷᠯᠡᠭᠴᠢᠳ  ︾  ᠢ ᠬᠠᠯᠠᠮᠵᠢᠯᠬᠠᠰᠡᠨ
ᠨᠡᠶᠢᠲᠡᠯᠡᠭᠰᠡᠨ ᠴᠠᠭ᠄
2023/12/31
ᠤᠷᠴᠢᠭᠤᠯᠤᠠᠠᠴᠢ᠄  ᠪᠦᠷᠢᠩᠭᠤᠸ᠎ᠠᠤᠳᠤᠷᠢᠳᠬᠠᠯ᠄       ᠬᠠᠮᠤᠭ  ᠭᠤᠶᠤ ︽ᠣᠷᠴᠢᠨ ᠲᠣᠭᠤᠷᠢᠨ ᠤ ᠴᠡᠪᠡᠷᠯᠡᠭᠴᠢᠳ  ︾ ᠲᠤ ᠬᠦᠨᠳᠦᠳᠬᠡᠯ ᠳᠡᠪᠰᠢᠭᠦᠯᠵᠦ᠂ ᠲᠦᠭᠡᠮᠡᠯ ᠬᠠᠶᠢᠷ᠎ᠠ  ᠪᠠᠷ ᠣᠷᠴᠢᠨ ᠲᠣᠭᠤᠷᠢᠨ ᠤ ᠴᠡᠪᠡᠷᠯᠡᠭᠴᠢᠳ   ᠤᠨ  ᠰᠡᠳᠬᠢᠯ ᠢ ᠳᠤᠯᠠᠭᠠᠴᠠᠭᠤᠯᠤᠨ᠎ᠠ᠃ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠨᠠᠮ ᠪᠣᠯᠣᠨ ᠵᠠᠰᠠᠭ ᠤᠨ ᠣᠷᠳᠣᠨ ᠤ ᠬᠥᠮᠦᠯᠢᠭ ᠦᠵᠡᠯ ᠤᠨ ᠬᠦᠷᠢᠶᠡᠨ ᠳᠠᠬᠢ ᠤᠯᠠᠨ ᠲᠦᠮᠡᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ  ᠪᠠᠳᠠᠷᠠᠭᠤᠯᠬᠤ ᠶᠢᠨ ᠲᠥᠯᠥᠭᠡ᠂ 12 ᠰᠠᠷ᠎ᠠ ᠶᠢᠨ 27 ᠤ ᠡᠳᠦᠷ᠂ ᠬᠤᠳᠠ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ︽ᠲᠦᠭᠡᠮᠡᠯ ᠬᠠᠶᠢᠷ᠎ᠠ ᠶᠢ ᠲᠦᠮᠡᠨ ᠡᠷᠤᠭᠡ ᠳᠤ ᠬᠦᠷᠭᠡᠬᠦ︾ ᠠᠵᠢᠯᠯᠠᠭ᠎ᠠ ᠥᠷᠨᠢᠭᠦᠯᠵᠦ᠂ ᠪᠦᠬᠦ ᠬᠤᠳᠠ ᠶᠢᠨ 410 ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠳᠤ  20500 ᠲᠥᠭᠦᠷᠢᠭ ᠤᠨ ᠦᠷᠳᠡᠭ ᠪᠦᠬᠦᠢ  ᠢᠯᠴᠢ ᠬᠠᠳᠠᠭᠠᠯᠠᠬᠤ ᠮᠠᠶ᠋ᠢᠭ ᠤᠨ ᠴᠠᠬᠢᠯᠭᠠᠨ  ᠴᠢᠨᠡᠭᠯᠡᠬᠦ ᠬᠠᠯᠠᠭᠤᠨ ᠤᠰᠤᠨ ᠤ ᠤᠭᠤᠲᠠ ᠪᠣᠯᠣᠨ ᠲᠦᠷᠭᠡᠨ ᠠᠪᠤᠷᠠᠯᠳᠠ ᠶᠢᠨ ᠪᠣᠭᠴᠣ ᠬᠦᠷᠭᠡᠵᠡᠢ᠃  ᠲᠠᠶᠢᠯᠪᠦᠷᠢ᠄         ᠣᠶᠢᠷ᠎ᠠ  ᠳᠤ᠂ ᠨᠢᠭᠡ ᠤᠳᠠᠭᠠᠨ ᠤ ᠶᠡᠭᠡ ᠴᠠᠰᠤ  ᠤᠷᠤᠵᠦ ᠣᠯᠠᠨ ᠲᠦᠮᠡᠨ ᠤ ᠶᠠᠪᠤᠵᠤ ᠰᠠᠭᠤᠬᠤ ᠳᠤ ᠳᠥᠭᠦᠮ ᠦᠭᠡᠢ   ᠪᠤᠯᠤᠠᠠᠰᠡᠨ ᠠᠴᠠ ︽ᠣᠷᠴᠢᠨ ᠲᠣᠭᠤᠷᠢᠨ ᠤ ᠴᠡᠪᠡᠷᠯᠡᠭᠴᠢᠳ  ︾ ᠬᠤᠲᠠ ᠶᠢᠨ ᠵᠡᠭᠡᠯᠢ ᠭᠤᠳᠤᠮᠵᠢ ᠪᠠᠷ ᠡᠷᠡᠯᠬᠡᠭᠯᠡᠨ ᠪᠠᠶᠢᠯᠳᠤᠵᠤ᠂  ᠴᠠᠰᠤ ᠮᠥᠰᠥ ᠶᠢ ᠠᠷᠢᠯᠭᠠᠨ᠂ ᠬᠤᠲᠠ ᠶᠢᠨ ᠠᠷᠠᠳ  ᠤᠨ ᠶᠠᠪᠤᠵᠤ ᠰᠠᠭᠤᠬᠤ  ᠳᠤ ᠲᠦᠭᠦᠮ ᠦᠵᠡᠭᠦᠯᠵᠠᠢ  ᠃        ᠠᠵᠢᠯᠯᠠᠭᠠᠨ ᠤ  ᠲᠤᠬᠠᠢ ᠶᠢᠨ ᠡᠳᠦᠷ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯᠲᠠᠳ  ᠲᠣᠬᠤᠨᠢᠭᠤᠯᠬᠤ ᠡᠳ᠋ ᠪᠣᠳᠠᠰ  ᠢ ᠣᠷᠴᠢᠨ ᠲᠣᠭᠤᠷᠢᠨ ᠤ ᠠᠷᠢᠭᠤᠨ ᠴᠡᠪᠡᠷ  ᠤᠨ ᠠᠵᠢᠯᠴᠢᠳ  ᠲᠤ ᠬᠦᠷᠭᠡᠵᠦ᠂ ᠲᠡᠳᠡᠨ ᠤ ᠬᠤᠲᠠ ᠶᠢᠨ ᠠᠷᠢᠭᠤᠨ ᠴᠡᠪᠡᠷ ᠲᠤ ᠦᠵᠡᠭᠦᠯᠦᠭᠰᠡᠨ ᠬᠤᠪᠢ ᠨᠡᠮᠡᠷᠢ ᠳᠤ  ᠲᠠᠯᠠᠷᠬᠠᠵᠠᠢ᠃            ᠡᠭᠦᠨ ᠤ ᠳᠠᠷᠠᠭ᠎ᠠ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠤᠬᠠᠢ ᠶᠢᠨ ᠲᠠᠯᠠᠪᠤᠷ ᠲᠤ ᠪᠠᠴᠢᠮ ᠪᠠᠶᠢᠳᠠᠯ ᠢ  ᠠᠷᠭᠠᠴᠠᠭᠠᠵᠦ ᠠᠪᠤᠷᠠᠨ ᠲᠤᠰᠠᠯᠠᠬᠤ  ᠪᠤᠯᠪᠠᠰᠤᠷᠠᠯ ᠥᠷᠨᠢᠭᠦᠯᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠭᠡᠨᠡᠳᠲᠡ ᠶᠢᠨ ᠬᠡᠷᠡᠭ ᠪᠠ ᠰᠠᠨᠠᠭᠠᠨ ᠳᠤ ᠦᠭᠡᠢ ᠭᠡᠮᠲᠦᠯ ᠢ  ᠠᠷᠭᠠᠴᠠᠭᠠᠬᠤ ᠥᠪᠡᠷ ᠢ ᠪᠠᠨ ᠠᠪᠤᠷᠠᠵᠤ ᠬᠠᠷᠢᠯᠴᠠᠨ ᠠᠪᠤᠷᠠᠬᠤ ᠴᠢᠳᠠᠪᠤᠷᠢ ᠶᠢ  ᠲᠡᠭᠡᠭᠰᠢᠯᠡᠭᠦᠯᠵᠠᠢ᠃          ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠵᠠᠩ ᠯᠢᠶᠠᠩ᠄       ᠬᠤᠲᠠ   ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠪᠢᠳᠡᠨ ᠳᠤ ᠬᠦᠷᠭᠡᠭᠰᠡᠨ ᠲᠣᠬᠤᠨᠢᠭᠤᠯᠬᠤ ᠪᠣᠳᠠᠰ ᠪᠣᠯᠣᠨ ᠠᠪᠤᠷᠠᠬᠤ ᠤᠷ᠎ᠠ ᠴᠢᠳᠠᠪᠤᠷᠢ ᠳᠤ ᠲᠠᠯᠠᠷᠬᠠᠵᠤ ᠪᠠᠶᠢᠨ᠎ᠠ᠂ ᠡᠭᠦᠨ ᠠᠴᠠ ᠬᠤᠶᠢᠰᠢ ᠪᠢᠳᠡ ᠪᠠᠰᠠ ᠥᠩᠭᠡᠷᠡᠭᠰᠡᠨ ᠲᠠᠢ ᠪᠠᠨ ᠠᠳᠠᠯᠢ ᠪᠠᠷ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠵᠦ᠂ ᠬᠤᠲᠠ   ᠶᠢᠨ ᠠᠷᠢᠭᠤᠨ ᠴᠡᠪᠡᠷ ᠲᠤ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号