ᠬᠤᠲᠠ ᠶᠢᠨ ᠭᠠᠯ ᠤᠨᠳᠠᠷᠭᠠᠵᠦ ᠠᠪᠤᠷᠠᠨ ᠲᠤᠰᠠᠯᠠᠬᠤ ᠶᠡᠭᠡ ᠠᠩᠭᠢ ᠰᠢᠨ᠎ᠡ  ᠤᠨ ᠠᠴᠠ ᠡᠮᠦᠨᠡᠬᠢ ᠭᠠᠯ  ᠰᠡᠷᠭᠡᠶᠢᠯᠡᠬᠦ ᠠᠮᠤᠷ ᠲᠦᠪᠰᠢᠨ ᠤ ᠪᠠᠶᠢᠴᠠᠭᠠᠯᠲᠠ  ᠬᠢᠭᠰᠡᠨ
ᠨᠡᠶᠢᠲᠡᠯᠡᠭᠰᠡᠨ ᠴᠠᠭ᠄
2023/12/31
ᠤᠷᠴᠢᠭᠤᠯᠤᠠᠠᠴᠢ᠄  ᠪᠦᠷᠢᠩᠭᠤᠸ᠎ᠠ ᠤᠳᠤᠷᠢᠳᠬᠠᠯ᠄        ᠡᠨᠡ ᠡᠪᠦᠯ ᠢᠷᠡᠬᠦ ᠬᠠᠪᠤᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢ  ᠲᠦᠯᠬᠢᠨ ᠠᠬᠢᠭᠤᠯᠵᠤ᠂ ᠰᠢᠨ᠎ᠡ ᠵᠢᠯ ᠤᠨ ᠬᠤᠭᠤᠴᠠᠭᠠᠨ ᠳᠠᠬᠢ ᠭᠠᠯ  ᠰᠡᠷᠭᠡᠶᠢᠯᠡᠬᠦ  ᠠᠮᠤᠷ ᠲᠦᠪᠰᠢᠨ  ᠢ ᠦᠷᠭᠦᠯᠵᠢᠯᠡᠨ  ᠪᠠᠲᠤᠯᠠᠬᠤ ᠶᠢᠨ ᠲᠥᠯᠥᠭᠡ᠂ 12 ᠰᠠᠷ᠎ᠠ ᠶᠢᠨ 28 ᠤ ᠡᠳᠦᠷ᠂ ᠬᠤᠲᠠ ᠶᠢᠨ ᠭᠠᠯ  ᠤᠨᠳᠠᠷᠭᠠᠵᠦ ᠠᠪᠤᠷᠠᠨ ᠲᠤᠰᠠᠯᠠᠬᠤ ᠶᠡᠭᠡ ᠠᠩᠭᠢ  ᠪᠦᠷᠢᠨ ᠪᠠᠷᠠᠭᠠᠲᠤ ᠲᠣᠮᠣ ᠠᠰᠠᠷ᠂ ᠪᠦᠦ ᠳ᠋ᠢᠩ ᠢᠳᠡᠰᠢᠨ ᠨᠣᠭᠤᠭᠠᠨ ᠤ ᠵᠠᠬ᠎ᠠ ᠳᠡᠯᠭᠡᠭᠦᠷ ᠵᠡᠷᠭᠡ ᠭᠠᠵᠠᠷ ᠲᠤ ᠬᠦᠷᠴᠦ  ᠂ ᠪᠠᠶᠠᠷ ᠤᠨ ᠡᠳᠦᠷ ᠠᠴᠠ ᠡᠮᠦᠨᠡᠬᠢ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ᠃  ᠲᠠᠶᠢᠯᠪᠦᠷᠢ᠄           ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠡᠯ᠎ᠡ ᠲᠠᠯᠠᠪᠤᠷ ᠭᠠᠵᠠᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ  ᠂ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠭᠤᠣᠯᠳᠠᠯᠭ᠎ᠠ ᠲᠠᠢ ᠣᠷᠣᠨ ᠪᠠᠶᠢᠷᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠭᠠᠯ ᠤᠨᠲᠠᠷᠠᠭᠠᠬᠤ ᠪᠠᠭᠠᠵᠢ ᠬᠡᠷᠡᠭᠰᠡᠯ  ᠪᠦᠷᠢᠨ ᠪᠦᠲᠦᠨ ᠪᠠᠶᠢᠬᠤ ᠡᠰᠡᠬᠦ ᠂  ᠴᠠᠬᠢᠯᠭᠠᠨ  ᠬᠡᠷᠡᠭᠰᠡᠯ ᠤᠨ ᠱᠤᠭᠤᠮ ᠵᠢᠴᠢ ᠲᠤᠨᠤᠭ ᠲᠥᠬᠦᠭᠡᠷᠦᠮᠵᠢ ᠵᠡᠷᠭᠡ ᠨᠢ ᠭᠠᠯ ᠰᠡᠷᠭᠡᠶᠢᠯᠡᠨ ᠤᠨᠲᠠᠷᠠᠭᠠᠬᠤ ᠬᠠᠤᠯᠢ ᠲᠣᠭᠲᠠᠭᠠᠯ ᠪᠠ ᠮᠡᠷᠭᠡᠵᠢᠯ ᠤᠨ ᠪᠠᠷᠢᠮᠵᠢᠶ᠎ᠠ  ᠱᠠᠭᠠᠷᠳᠠᠯᠭ᠎ᠠ ᠳᠤ ᠨᠡᠶᠢᠴᠡᠭᠰᠡᠨ ᠡᠰᠡᠬᠦ᠂  ᠭᠠᠯ ᠢ ᠰᠡᠷᠭᠡᠶᠢᠯᠡᠬᠦ ᠳᠡᠯᠪᠡᠷᠡᠯᠲᠡ ᠶᠢ ᠰᠡᠷᠭᠡᠶᠢᠯᠡᠬᠦ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ ᠡᠰᠡᠬᠦ᠂ ᠠᠵᠢᠯᠲᠠᠳ ᠭᠠᠯ ᠰᠡᠷᠭᠡᠶᠢᠯᠡᠨ ᠤᠨᠲᠠᠷᠠᠭᠠᠬᠤ ᠠᠶᠤᠯᠭᠦᠢ ᠶᠢᠨ ᠬᠥᠮᠦᠵᠢᠯ ᠪᠣᠯᠪᠠᠰᠤᠷᠠᠯ ᠢ  ᠬᠦᠷᠳᠡᠭᠰᠡᠨ ᠡᠰᠡᠬᠦ᠂ ᠭᠠᠯ ᠤᠨᠲᠠᠷᠠᠭᠠᠵᠤ ᠠᠶᠤᠯ ᠠᠴᠠ ᠠᠪᠤᠷᠠᠬᠤ᠂ ᠠᠮᠢ ᠵᠢᠭᠤᠲᠠᠵᠤ ᠥᠪᠡᠷ ᠢ ᠪᠠᠨ ᠠᠪᠤᠷᠠᠬᠤ ᠴᠢᠳᠠᠪᠤᠷᠢ ᠶᠢ ᠡᠵᠡᠮᠰᠢᠭᠰᠡᠨ ᠡᠰᠡᠬᠦ ᠶᠢ ᠭᠤᠣᠯᠳᠠᠯᠭ᠎ᠠ ᠲᠠᠢ  ᠪᠠᠶᠢᠴᠠᠭᠠᠵᠠᠢ᠃  ᠪᠠᠶᠢᠴᠠᠭᠠᠯᠲᠠ ᠶᠢᠨ  ᠲᠤᠮᠳᠠᠬᠢ ᠳᠠᠯᠳᠠ ᠬᠡᠮ ᠳᠤ ᠴᠢᠭᠯᠡᠭᠦᠯᠦᠨ᠂ ᠪᠠᠶᠢᠴᠠᠭᠠᠬᠤ ᠠᠵᠢᠯᠲᠠᠨ ᠲᠤᠬᠠᠢ ᠶᠢᠨ ᠲᠠᠯᠠᠪᠤᠷ ᠲᠤ ᠡᠯ᠎ᠡ  ᠪᠠᠶᠢᠭᠤᠯᠭ᠎ᠠ ᠶᠢᠨ ᠬᠠᠷᠢᠭᠤᠴᠠᠯᠭᠠᠲᠠᠨ ᠢ ᠳᠠᠷᠤᠶᠢᠬᠠᠨ ᠴᠡᠭᠴᠡᠯᠡᠨ ᠰᠠᠶᠢᠵᠢᠷᠠᠭᠤᠯᠵᠤ ᠂ ᠠᠮᠤᠷ ᠲᠦᠪᠰᠢᠨ ᠢ ᠪᠠᠲᠤᠯᠠᠬᠤ  ᠶᠢ ᠱᠠᠭᠠᠷᠳᠠᠪᠠ᠃          ᠲᠣᠰ ᠤᠳᠠᠭᠠᠨ ᠤ ᠪᠠᠶᠠᠷ ᠤᠨ ᠡᠳᠦᠷ ᠠᠴᠠ ᠡᠮᠦᠨᠡᠬᠢ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠪᠠᠷ ᠳᠡᠮᠵᠢᠨ᠂ ᠨᠢᠭᠡ ᠪᠦᠯᠦᠭ ᠨᠢᠭᠤᠭᠳᠠᠮᠠᠯ ᠭᠠᠯ ᠤᠨ ᠭᠠᠮᠰᠢᠭ ᠤᠨ ᠳᠠᠯᠳᠠ ᠬᠡᠮ ᠢ  ᠠᠷᠢᠯᠭᠠᠵᠤ᠂ ᠲᠠᠯᠠᠪᠤᠷ ᠭᠠᠵᠠᠷ ᠤᠨ ᠬᠠᠷᠢᠭᠤᠴᠠᠯᠭᠠᠲᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠦᠨ᠂ ᠡᠯ᠎ᠡ ᠲᠥᠷᠥᠯ ᠤᠨ ᠭᠠᠯ ᠤᠨ ᠭᠠᠮᠰᠢᠭ ᠤᠨ ᠠᠳᠡᠯ ᠭᠠᠷᠬᠤ ᠶᠢ  ᠰᠡᠷᠭᠡᠶᠢᠯᠡᠨ ᠬᠤᠷᠢᠭᠯᠠᠵᠤ᠂ ᠪᠠᠶᠠᠷ ᠤᠨ ᠡᠳᠦᠷ ᠤᠨ ᠬᠤᠭᠤᠴᠠᠭᠠᠨ ᠳᠤ ᠪᠥᠬᠦ ᠬᠤᠲᠠ ᠶᠢᠨ ᠭᠠᠯ ᠤᠨᠲᠠᠷᠠᠭᠠᠬᠤ ᠠᠮᠤᠷ ᠲᠦᠪᠰᠢᠨ ᠲᠣᠭᠲᠠᠭᠤᠨ ᠪᠠᠶᠢᠬᠤ ᠳᠤ ᠪᠠᠲᠤ ᠪᠠᠬᠢ ᠰᠠᠭᠤᠷᠢ ᠲᠠᠯᠪᠢᠵᠤ  ᠦᠭᠴᠠᠢ᠃
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号