ᠮᠠᠨ ᠤ ᠬᠤᠲᠠ 2023 ᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ︽ᠵᠠᠮ ᠤᠨ ᠳᠠᠷᠤᠭ᠎ᠠ ᠶᠢᠨ ᠳᠦᠷᠢᠮ︾ ᠤᠨ ᠠᠵᠢᠯ ᠤᠨ ᠵᠣᠬᠢᠴᠠᠭᠤᠯᠬᠤ ᠬᠤᠷᠠᠯ ᠬᠤᠷᠠᠯᠳᠤᠭᠤᠯᠤᠠᠠᠰᠡᠨ
ᠨᠡᠶᠢᠲᠡᠯᠡᠭᠰᠡᠨ ᠴᠠᠭ᠄
2023/12/31
ᠤᠷᠴᠢᠭᠤᠯᠤᠠᠠᠴᠢ᠄  ᠪᠦᠷᠢᠩᠭᠤᠸ᠎ᠠᠤᠳᠤᠷᠢᠳᠬᠠᠯ᠄         12  ᠰᠠᠷ᠎ᠠ ᠶᠢᠨ 26 ᠤ ᠡᠳᠦᠷ᠂ ᠮᠠᠨ ᠤ ᠬᠤᠲᠠ 2023 ᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ︽ᠵᠠᠮ ᠤᠨ ᠳᠠᠷᠤᠭ᠎ᠠ ᠶᠢᠨ ᠳᠦᠷᠢᠮ︾ ᠤᠨ ᠠᠵᠢᠯ ᠤᠨ ᠵᠣᠬᠢᠴᠠᠭᠤᠯᠬᠤ ᠬᠤᠷᠠᠯ ᠬᠤᠷᠠᠯᠳᠤᠭᠤᠯᠵᠦ ᠂  ᠬᠤᠲᠠ ᠶᠢᠨ ᠳᠡᠳ᠋ ᠳᠠᠷᠤᠭ᠎ᠠ ᠵᠠᠩ ᠶᠦᠩ ᡁᠢ ᠬᠤᠷᠠᠯ  ᠢ ᠡᠷᠬᠢᠯᠡᠵᠠᠢ᠃   ᠲᠠᠶᠢᠯᠪᠦᠷᠢ᠄         ᠬᠤᠷᠠᠯ  ᠳᠤ ︽ᠡᠷᠢᠶᠡᠨ ᠬᠤᠳᠠ ᠶᠢᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠲᠥᠰᠥᠯ︾  ᠢ  ᠲᠠᠮᠵᠢᠭᠤᠯᠵᠠᠢ᠃        ᠬᠤᠷᠠᠯ   ᠳᠤ ᠱᠠᠭᠠᠷᠳᠠᠬᠤ ᠳᠠᠭᠠᠨ᠂  ᠨᠠᠮ ᠵᠠᠰᠠᠭ ᠤᠨ ᠤᠳᠤᠷᠢᠳᠤᠯᠭ᠎ᠠ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠷᠬᠡ ᠬᠠᠷᠢᠭᠤᠴᠠᠯᠭ᠎ᠠ ᠲᠣᠳᠣᠷᠬᠠᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠶᠢᠨ ᠲᠣᠭᠲᠠᠴᠠ ᠶᠢ ᠪᠣᠶ ᠪᠣᠯᠭᠠᠬᠤ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠳᠦᠷᠢᠮ ᠤᠨ ᠱᠠᠭᠠᠷᠳᠠᠯᠭ᠎ᠠ ᠶᠣᠰᠣᠭᠠᠷ᠂ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠵᠠᠰᠠᠮᠠᠯ ᠵᠠᠮ  ᠪᠠᠶᠢᠭᠤᠯᠬᠤ  ᠶᠠᠰᠤ ᠴᠢᠨᠠᠷ ᠂ ᠲᠤᠭ᠎ᠠ ᠬᠡᠮᠵᠢᠶ᠎ᠡ ᠶᠢ  ᠪᠠᠳᠤᠯᠠᠬᠤ ᠬᠡᠷᠡᠭᠲᠡᠢ᠃ ᠵᠠᠮ ᠟ ᠢᠶᠠᠨ ᠬᠠᠶᠢᠷᠠᠯᠠᠵᠤ ᠬᠠᠮᠠᠭᠠᠯᠠᠬᠤ  ᠬᠠᠮᠢᠶᠠᠳᠠᠢ ᠲᠤᠰᠬᠤᠨ ᠤ ᠲᠦᠷᠢᠮ᠂ ᠠᠷᠠᠳ ᠤᠨ ᠬᠡᠯᠡᠯᠴᠡᠭᠡᠷ ᠢ  ᠲᠣᠭᠲᠠᠭᠠᠨ᠂ ᠮᠠᠯᠵᠢᠬᠤ ᠲᠠᠷᠢᠶᠠᠯᠠᠬᠤ  ᠣᠷᠣᠨ ᠟ ᠤ ᠵᠠᠰᠠᠮᠠᠯ ᠵᠠᠮ ᠟ ᠤᠨ ᠠᠰᠠᠭᠤᠳᠠᠯ ᠟ ᠢ ᠮᠡᠳᠡᠭᠦᠯᠬᠦ ᠪᠠ ᠰᠢᠢᠳᠪᠦᠷᠢᠯᠡᠬᠦ ᠲᠣᠭᠲᠠᠴᠠ ᠶᠢ  ᠪᠦᠷᠢᠨᠰᠢᠭᠦᠯᠵᠦ᠂  ᠬᠠᠤᠯᠢ ᠶᠢ ᠴᠢᠩᠭ᠎ᠠ ᠬᠡᠷᠡᠭᠵᠢᠭᠦᠯᠦᠨ᠂ ᠮᠠᠯᠵᠢᠬᠤ  ᠲᠠᠷᠢᠶᠠᠯᠠᠬᠤ ᠣᠷᠣᠨ  ᠤ ᠵᠠᠰᠠᠮᠠᠯ ᠵᠠᠮ ᠟ ᠤᠨ ᠠᠮᠤᠷ ᠲᠦᠪᠰᠢᠨ ᠟ ᠤ ᠲᠠᠯᠳᠠ ᠭᠡᠮ ᠟ᠢ ᠵᠢᠭᠰᠠᠭᠠᠨ ᠪᠠᠶᠢᠴᠠᠭᠠᠵᠤ ᠵᠠᠰᠠᠬᠤ  ᠂ ᠵᠠᠮ ᠟ ᠤᠨ ᠣᠷᠴᠢᠨ ᠲᠣᠭᠤᠷᠢᠨ ᠟ ᠢ ᠴᠡᠭᠴᠡᠯᠡᠨ ᠵᠠᠰᠠᠬᠤ᠂ ᠵᠠᠮ ᠬᠠᠷᠢᠯᠴᠠᠭᠠᠨ ᠟ ᠤ ᠡᠮᠬᠢ ᠳᠢᠭᠯᠢᠮ ᠟ ᠢ ᠬᠠᠮᠠᠭᠠᠯᠠᠬᠤ᠂ ᠰᠠᠭᠠᠳ ᠦᠭᠡᠢ  ᠨᠡᠪᠳᠡᠷᠡᠬᠦ ᠶᠢ ᠪᠠᠲᠤᠯᠠᠬᠤ ᠵᠡᠷᠭᠡ ᠠᠵᠢᠯ ᠟ ᠢ  ᠪᠥᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃  ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠲᠡᠭᠡᠭᠡᠪᠦᠷᠢ ᠶᠢᠨ ᠦᠢᠯᠡᠴᠢᠯᠡᠭᠡᠨ ᠤ ᠲᠣᠣᠷ ᠰᠦᠯᠵᠢᠶ᠎ᠡ᠂ ᠡᠯᠧᠺᠲᠷᠣᠨ ᠬᠤᠳᠠᠯᠳᠤᠭᠠᠨ ᠤ ᠪᠠᠷᠠᠭᠠᠨ ᠤ  ᠬᠦᠢᠯᠭᠡᠭᠡ ᠵᠡᠷᠭᠡ ᠶᠢ ᠲᠦᠷᠭᠡᠳᠬᠡᠨ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠬᠦ ᠳᠤ ᠵᠠᠮ ᠬᠠᠷᠢᠯᠴᠠᠭᠠᠨ ᠤ ᠪᠠᠲᠤᠯᠠᠭ᠎ᠠ ᠬᠠᠩᠭᠠᠬᠤ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ︽ᠪᠠᠶᠢᠭᠤᠯᠬᠤ᠂ ᠬᠠᠮᠢᠶᠠᠷᠬᠤ᠂ ᠬᠠᠮᠠᠭᠠᠯᠠᠬᠤ᠂ ᠲᠡᠭᠡᠭᠡᠪᠦᠷᠢᠯᠡᠬᠦ︾ ᠳᠥᠷᠪᠡᠨ ᠶᠡᠭᠡ ᠬᠠᠷᠠᠯᠲᠠ ᠶᠢᠨ ᠲᠣᠭᠤᠷᠢᠨ ᠳᠤ᠂ ᠮᠠᠨ ᠤ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠴᠤ ᠬᠠᠮᠠᠭᠠᠯᠠᠬᠤ ᠬᠢᠷᠢ ᠬᠡᠮᠵᠢᠶ᠎ᠡ ᠶᠢ ᠪᠥᠬᠦ ᠬᠦᠴᠦᠨ ᠢᠶᠠᠷ  ᠳᠡᠭᠡᠭᠰᠢᠯᠡᠭᠦᠯᠵᠦ᠂ ᠪᠥᠬᠦ ᠬᠤᠲᠠ ᠶᠢᠨ  ᠣᠯᠠᠨ ᠲᠦᠮᠡᠨ ᠳᠤ ᠰᠠᠶᠢᠨ ᠰᠠᠶᠢᠬᠠᠨ  ᠵᠠᠮ ᠬᠠᠷᠢᠯᠴᠠᠭᠠᠨ ᠤ  ᠣᠷᠴᠢᠨ  ᠨᠦᠬᠦᠴᠡᠯ ᠬᠠᠩᠭᠠᠬᠤ ᠬᠡᠷᠡᠭᠲᠡᠢ᠃  `
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号