2023 ᠣᠨ ᠤ ᠡᠷᠢᠶᠡᠨ ᠬᠤᠲᠠ ᠶᠢᠨ 1- 10 ᠰᠠᠷ᠎ᠠ ᠶᠢᠨ ᠠᠵᠤ ᠠᠬᠤᠶ ᠶᠢᠨ ᠠᠵᠢᠯᠯᠠᠭᠠᠨ ᠤ ᠵᠠᠳᠠᠯᠤᠯᠲᠠ
ᠨᠡᠶᠢᠲᠡᠯᠡᠭᠰᠡᠨ ᠴᠠᠭ᠄
2023/12/4
                         ᠡᠨᠡ ᠵᠢᠯ ᠠᠴᠠ ᠨᠠᠰᠢ᠂ ᠪᠥᠬᠦ ᠬᠤᠲᠠ ᠪᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ᠂ ᠰᠢᠯᠢ ᠶᠢᠨ ᠭᠤᠤᠯ ᠠᠶᠢᠮᠠᠭ ᠤᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠬᠤᠲᠠ ᠶᠢᠨ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠭᠤᠤᠯᠳᠠᠯᠭ᠎ᠠ ᠶᠢ ᠠᠳᠬᠤᠨ᠂ ᠠᠷᠭ᠎ᠠ ᠬᠡᠮᠵᠢᠶ᠎ᠡ ᠶᠢ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠴᠢᠬᠤᠯᠠᠴᠢᠯᠠᠨ᠂ ᠠᠷᠭ᠎ᠠ ᠬᠡᠯᠪᠡᠷᠢ ᠶᠢ ᠬᠤᠪᠢᠷᠠᠭᠤᠯᠵᠤ᠂ ᠪᠦᠲᠦᠴᠡ ᠶᠢ ᠳᠣᠭᠢᠷᠠᠭᠤᠯᠤᠨ᠂ ᠨᠡᠮᠡᠭᠳᠡᠯ ᠢ ᠲᠣᠭᠲᠠᠪᠤᠷᠢᠵᠢᠭᠤᠯᠵᠤ᠂ 1 - 10 ᠰᠠᠷ᠎ᠠ ᠳᠤ ᠪᠥᠬᠦ ᠬᠤᠲᠠ ᠶᠢᠨ ᠠᠵᠤ ᠠᠬᠤᠶ ᠶᠢᠨ ᠠᠵᠢᠯᠯᠠᠭᠠᠨ ᠲᠣᠭᠲᠠᠭᠤᠨ ᠤ ᠳᠤᠮᠳᠠ ᠤᠷᠤᠭᠰᠢᠯᠠᠵᠤ᠂ ᠲᠣᠭᠲᠠᠭᠤᠨ ᠤ ᠪᠠᠶᠢᠳᠠᠯ ᠢ ᠪᠠᠲᠤᠳᠬᠠᠪᠠ    ᠨᠢᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠪᠠᠭᠤᠷᠠᠯᠲᠠ ᠶᠢᠨ ᠬᠡᠮᠵᠢᠶ᠎ᠡ ᠪᠠᠭᠠᠰᠤᠭᠰᠠᠨ    ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 25.1% ᠪᠠᠭᠤᠷᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 25% ᠪᠠᠷ ᠪᠠᠭᠤᠷᠠᠵᠤ᠂ ᠲᠦᠷᠦᠭᠦᠤ ᠭᠤᠷᠪᠠᠨ ᠤᠯᠠᠷᠢᠯ ᠤᠨ ᠬᠢ ᠠᠴᠠ ᠲᠣᠰ ᠲᠣᠰ 3.8 ᠪᠠ 4.3 ᠵᠠᠭᠤᠨ ᠤ ᠴᠡᠭ ᠪᠠᠭᠠᠰᠪᠠ᠃ ᠠᠵᠤ ᠠᠬᠤᠶ ᠶᠢᠨ ᠲᠥᠷᠥᠯ ᠬᠡᠯᠪᠡᠷᠢ ᠠᠴᠠ ᠦᠵᠡᠪᠡᠯ᠄ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠶᠡᠷᠦᠩᠬᠡᠶ ᠦᠢᠯᠡᠳᠬᠦᠨ ᠤ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 7.1% ᠪᠠᠷ ᠪᠠᠭᠤᠷᠠᠪᠠ︔ ᠪᠤᠰᠤᠳ ᠠᠵᠤ ᠠᠬᠤᠶ ᠶᠢᠨ ᠲᠥᠷᠥᠯ ᠬᠡᠯᠪᠡᠷᠢ ᠶᠢᠨ ᠶᠡᠷᠦᠩᠬᠡᠶ  ᠦᠢᠯᠡᠳᠬᠦᠨ ᠤ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 26.37% ᠪᠠᠷ ᠪᠠᠭᠤᠷᠠᠪᠠ᠃ ᠠᠵᠢᠯ ᠲᠦᠷᠦᠯ ᠢᠶᠠᠷ ᠬᠤᠪᠢᠶᠠᠵᠤ ᠦᠵᠡᠪᠡᠯ᠄ ᠬᠦᠩᠭᠡᠨ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠠᠳᠠᠯᠢ ᠬᠤᠭᠤᠴᠠᠭᠠᠨ ᠤ ᠬᠢ ᠠᠴᠠ 13.1% ᠪᠠᠷ ᠪᠠᠭᠤᠷᠠᠪᠠ︔ ᠬᠦᠨᠳᠦ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠠᠳᠠᠯᠢ ᠬᠤᠭᠤᠴᠠᠭᠠᠨ ᠤ ᠬᠢ ᠠᠴᠠ 27.32 % ᠪᠠᠷ ᠪᠠᠭᠤᠷᠠᠪᠠ᠃ ᠭᠤᠣᠯ ᠪᠣᠯᠬᠤ ᠦᠢᠯᠡᠳᠬᠦᠨ ᠤ ᠭᠠᠷᠤᠯᠲᠠ ᠠᠴᠠ ᠦᠵᠡᠪᠡᠯ᠄ ᠰᠠᠯᠬᠢᠨ ᠬᠦᠴᠦᠨ ᠤ ᠴᠠᠬᠢᠯᠭᠠᠨ ᠭᠠᠷᠭᠠᠬᠤ ᠬᠡᠮᠵᠢᠶ᠎ᠡ 52364.9 ᠲᠦᠮᠡᠨ ᠺᠢᠯᠣᠸᠠᠲ ᠴᠠᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 3.81% ᠪᠠᠷ ᠨᠡᠮᠡᠭᠳᠡᠪᠡ︔ ᠲᠡᠮᠦᠷ ᠤᠨ ᠬᠦᠳᠡᠷ ᠢ 107.29 ᠲᠦᠮᠡᠨ ᠲᠣᠨ ᠪᠣᠯᠪᠠᠰᠤᠷᠠᠭᠤᠯᠵᠤ᠂ ᠠᠳᠠᠯᠢ ᠬᠤᠭᠤᠴᠠᠭᠠᠨ ᠤ ᠬᠢ ᠠᠴᠠ 11.1% ᠪᠠᠷ ᠨᠡᠮᠡᠭᠳᠡᠪᠡ︔ 25.7 ᠲᠦᠮᠡᠨ ᠲᠣᠨ ᠱᠦᠢᠨᠢ ᠦᠢᠯᠡᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 133.21% ᠪᠠᠷ ᠨᠡᠮᠡᠭᠳᠡᠪᠡ︔ ᠨᠣᠯᠤᠤᠷ 126.59 ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 199.27% ᠪᠠᠷ ᠨᠡᠮᠡᠭᠳᠡᠪᠡ︔ ᠲᠡᠵᠢᠭᠡᠯ ᠪᠣᠷᠳᠤᠭ᠎ᠠ 1.25 ᠲᠦᠮᠡᠨ ᠲᠣᠨ ᠪᠣᠯᠪᠠᠰᠤᠷᠠᠭᠤᠯᠵᠤ᠂ ᠠᠳᠠᠯᠢ ᠬᠤᠭᠤᠴᠠᠭᠠᠨ ᠤ ᠬᠢ ᠠᠴᠠ 21.34% ᠪᠠᠷ ᠪᠠᠭᠤᠷᠠᠪᠠ︔ ᠢᠯᠴᠢ ᠶᠢᠨ ᠬᠦᠴᠦᠨ ᠤ ᠬᠠᠩᠭᠠᠯᠭ᠎ᠠ ᠨᠢ 151.66 ᠲᠦᠮᠡᠨ ᠵᠢᠶ ᠢᠯᠴᠢ ᠬᠠᠩᠭᠠᠵᠤ᠂ ᠠᠳᠠᠯᠢ ᠬᠤᠭᠤᠴᠠᠭᠠᠨ ᠤ ᠬᠢ ᠠᠴᠠ 11.5% ᠪᠠᠷ ᠪᠠᠭᠤᠷᠠᠪᠠ᠃    ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠲᠣᠭᠲᠠᠭᠤᠨ ᠢᠶᠠᠷ ᠠᠬᠢᠭᠤᠯᠪᠠ    ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 56.8% ᠪᠠᠷ ᠨᠡᠮᠡᠭᠳᠡᠪᠡ᠃ ᠠᠵᠤ ᠠᠬᠤᠶ ᠶᠢᠨ ᠲᠥᠷᠥᠯ ᠵᠦᠢᠯ ᠢᠶᠠᠷ ᠬᠤᠪᠢᠶᠠᠵᠤ ᠦᠵᠡᠪᠡᠯ᠂ ᠤᠯᠤᠰ ᠤᠨ ᠥᠮᠴᠢᠯᠡᠯ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 2.66% ᠪᠠᠷ ᠨᠡᠮᠡᠭᠳᠡᠪᠡ︔ ᠤᠯᠤᠰ ᠤᠨ ᠥᠮᠴᠢᠯᠡᠯ ᠤᠨ ᠪᠤᠰᠤ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 190.86% ᠪᠠᠷ ᠨᠡᠮᠡᠭᠳᠡᠪᠡ᠃ ᠠᠵᠤ ᠦᠢᠯᠡᠰ ᠤᠨ ᠪᠦᠲᠦᠴᠡ ᠠᠴᠠ ᠠᠪᠴᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 162.06% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 193.9% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 13.93% ᠪᠠᠷ ᠨᠡᠮᠡᠭᠳᠡᠪᠡ᠂ ᠡᠭᠦᠨ ᠳᠤ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 65.15% ᠪᠠᠷ ᠨᠡᠮᠡᠭᠳᠡᠪᠡ᠃    ᠭᠤᠷᠪᠠ᠂ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠲᠣᠭᠲᠠᠭᠤᠨ ᠢᠶᠠᠷ ᠬᠥᠭᠵᠢᠪᠡ    ᠪᠥᠬᠦ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 18.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.3% ᠪᠠᠷ ᠨᠡᠮᠡᠭᠳᠡᠪᠡ᠃ ᠬᠡᠷᠡᠭᠯᠡᠭᠡᠨ ᠤ ᠲᠥᠷᠥᠯ ᠬᠡᠯᠪᠡᠷᠢ ᠪᠠᠷ᠄ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ 15.83 ᠳ᠋ᠦᠩᠰᠢᠭᠤᠷ ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 2% ᠢᠶᠠᠷ ᠨᠡᠮᠡᠭᠳᠡᠪᠡ︔ ᠢᠳᠡᠭᠡᠨ ᠤᠮᠳᠠᠭᠠᠨ ᠤ ᠣᠷᠣᠯᠭ᠎ᠠ 2.37 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 25% ᠪᠠᠷ ᠨᠡᠮᠡᠭᠳᠡᠪᠡ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠠᠸᠠᠷ ᠤᠨ ᠵᠢᠵᠢᠭᠯᠡᠨ ᠬᠤᠳᠠᠯᠳᠤᠬᠤ ᠲᠥᠷᠥᠯ ᠤᠨ ᠬᠡᠮᠵᠢᠭᠳᠡᠯ ᠠᠴᠠ ᠦᠵᠡᠪᠡᠯ᠄ ᠰᠠᠭᠤᠭᠠᠯᠢ ᠠᠷᠠᠳ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠠᠮᠤ ᠲᠣᠰᠣ ᠢᠳᠡᠭᠡᠨ ᠤ ᠲᠥᠷᠥᠯ᠂ ᠠᠷᠢᠬᠢ ᠲᠠᠮᠠᠬᠢ᠂ ᠤᠮᠳᠠᠭᠠᠨ ᠤ ᠲᠥᠷᠥᠯ᠂ ᠬᠤᠪᠴᠠᠰᠤ ᠬᠤᠨᠠᠷ ᠱᠠᠬᠠᠶ ᠨᠡᠬᠡᠮᠡᠯ ᠰᠦᠯᠵᠢᠮᠡᠯ ᠤᠨ ᠪᠦᠲᠦᠭᠡᠭᠳᠡᠬᠦᠨ᠂ ᠡᠳᠦᠷ ᠲᠤᠲᠤᠮ ᠤᠨ ᠵᠠᠰᠠᠯ ᠴᠢᠮᠡᠭᠯᠡᠯ ᠤᠨ ᠡᠳ᠋ ᠤᠨ ᠲᠥᠷᠥᠯ ᠤᠨ ᠲᠠᠸᠠᠷ ᠠᠳᠠᠯᠢ ᠬᠤᠭᠤᠴᠠᠭᠠᠨ ᠤ ᠬᠢ ᠠᠴᠠ ᠲᠣᠰ ᠲᠣᠰ 32%᠂ 28%᠂ 27%᠂ 24%᠂ 30% ᠪᠠᠷ ᠨᠡᠮᠡᠭᠳᠡᠪᠡ᠃ ᠡᠮ ᠤᠨ ᠵᠦᠢᠯ ᠤᠨ ᠵᠢᠵᠢᠭᠯᠡᠨ ᠬᠤᠳᠠᠯᠳᠤᠬᠤ ᠲᠥᠷᠥᠯ ᠠᠳᠠᠯᠢ ᠬᠤᠭᠤᠴᠠᠭᠠᠨ ᠤ ᠬᠢ ᠠᠴᠠ 2.1% ᠪᠠᠷ ᠨᠡᠮᠡᠭᠳᠡᠪᠡ︔ ᠭᠡᠷ ᠤᠨ ᠬᠡᠷᠡᠭᠰᠡᠯ᠂ ᠭᠡᠷ ᠤᠨ ᠴᠠᠬᠢᠯᠭᠠᠨ ᠬᠡᠷᠡᠭᠰᠡᠯ ᠤᠨ ᠲᠥᠷᠥᠯ ᠠᠳᠠᠯᠢ ᠬᠤᠭᠤᠴᠠᠭᠠᠨ ᠤ ᠬᠢ ᠠᠴᠠ 42.4% ᠪᠠᠷ ᠨᠡᠮᠡᠭᠳᠡᠪᠡ᠃    ᠳᠥᠷᠪᠡ᠂ ᠡᠳ᠋ ᠤᠨ ᠵᠠᠰᠠᠭ ᠮᠥᠩᠭᠦᠨ ᠭᠦᠢᠯᠭᠡᠭᠡ ᠲᠣᠭᠲᠠᠭᠤᠨ ᠡᠷᠭᠢᠯᠲᠡ    ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 2.55 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 25.96% ᠪᠠᠷ ᠨᠡᠮᠡᠭᠳᠡᠪᠡ᠃ ᠡᠭᠦᠨ ᠳᠤ᠄ ᠭᠠᠶᠢᠯᠢ ᠲᠠᠲᠠᠪᠤᠷᠢ ᠶᠢᠨ ᠣᠷᠣᠯᠭ᠎ᠠ 1.89 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 37.1% ᠪᠠᠷ ᠨᠡᠮᠡᠭᠳᠡᠪᠡ︔ ᠭᠠᠶᠢᠯᠢ ᠶᠢᠨ ᠪᠤᠰᠤ ᠣᠷᠣᠯᠭ᠎ᠠ 0.66 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.15% ᠪᠠᠷ ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 16.19 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.56% ᠪᠠᠷ ᠪᠠᠭᠤᠷᠠᠪᠠ᠃ ᠡᠭᠦᠨ ᠳᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠵᠠᠷᠤᠯᠭ᠎ᠠ 9.05 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.18% ᠨᠡᠮᠡᠭᠳᠡᠪᠡ᠃    10 ᠰᠠᠷ᠎ᠠ ᠶᠢᠨ ᠰᠡᠭᠦᠯᠴᠢ᠂ ᠲᠤᠰ ᠭᠠᠳᠠᠭᠠᠳᠤ ᠶᠢᠨ ᠵᠣᠭᠤᠰ ᠤᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ 143.85 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18.35% ᠪᠠᠷ ᠨᠡᠮᠡᠭᠳᠡᠵᠦ᠂ ᠡᠭᠦᠨ ᠳᠤ ᠠᠷᠠᠳ ᠤᠨ ᠵᠣᠭᠤᠰ ᠤᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ 142.83 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18.52% ᠨᠡᠮᠡᠭᠳᠡᠪᠡ᠃ ᠲᠤᠰ ᠲᠦᠷᠦᠯ ᠵᠦᠢᠯ ᠤᠨ ᠵᠢᠭᠡᠯᠡᠯᠭᠡ ᠶᠢᠨ ᠦᠯᠡᠳᠡᠪᠦᠷᠢ 86.86 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.19% ᠨᠡᠮᠡᠭᠳᠡᠵᠦ᠂ ᠡᠭᠦᠨ ᠳᠤ ᠠᠷᠠᠳ ᠤᠨ ᠵᠣᠭᠤᠰ ᠤᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ 86.79 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.21% ᠨᠡᠮᠡᠭᠳᠡᠪᠡ᠃    ᠲᠠᠪᠤ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠨᠡᠮᠡᠭᠳᠡᠯ ᠰᠠᠶᠢᠨ ᠪᠠᠶᠢᠨ᠎ᠠ    ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠨᠡᠶᠢᠲᠡ 1621.41 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 44.6% ᠨᠡᠮᠡᠭᠳᠡᠪᠡ᠃ ᠡᠭᠦᠨ ᠳᠤ᠄ ᠭᠠᠳᠠᠭᠠᠳᠤ ᠣᠷᠣᠭᠤᠯᠤᠯᠲᠠ 1226.67 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 49.2% ᠢᠶᠠᠷ ᠨᠡᠮᠡᠭᠳᠡᠪᠡ︔ ᠭᠠᠳᠠᠭᠠᠳᠤ ᠭᠠᠷᠭᠠᠯᠲᠠ 394.74 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 31.9% ᠪᠠᠷ ᠨᠡᠮᠡᠭᠳᠡᠪᠡ᠃ ᠪᠣᠭᠤᠮᠲᠠ ᠪᠠᠷ ᠣᠷᠣᠭᠤᠯᠵᠤ ᠭᠠᠷᠭᠠᠭᠰᠠᠨ ᠬᠥᠮᠥᠨ ᠤ ᠲᠤᠭ᠎ᠠ 115.08 ᠲᠦᠮᠡᠨ ᠬᠥᠮᠥᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1174.4% ᠨᠡᠮᠡᠭᠳᠡᠪᠡ᠃ ᠡᠭᠦᠨ ᠳᠤ᠄ ᠬᠢᠯᠢ ᠪᠠᠷ ᠣᠷᠣᠭᠤᠯᠤᠭᠰᠠᠨ 57.81 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1177.1% ᠪᠠᠷ ᠨᠡᠮᠡᠭᠳᠡᠪᠡ︔ ᠬᠢᠯᠢ ᠠᠴᠠ ᠭᠠᠷᠤᠭᠰᠠᠨ 57.27 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1171.6% ᠪᠠᠷ ᠨᠡᠮᠡᠭᠳᠡᠪᠡ᠃ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠲᠤᠭ᠎ᠠ 352.2 ᠳ᠋ᠦᠩᠰᠢᠭᠤᠷ ᠲᠥᠭᠦᠷᠢᠭ ᠲᠤ ᠬᠦᠷᠴᠦ᠂ 68.8% ᠪᠠᠷ ᠨᠡᠮᠡᠭᠳᠡᠪᠡ᠂ ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠨᠢ 193.2 ᠳ᠋ᠦᠩᠰᠢᠭᠤᠷ ᠲᠥᠭᠦᠷᠢᠭ ᠲᠤ ᠬᠦᠷᠴᠦ᠂ 60.9% ᠪᠠᠷ ᠨᠡᠮᠡᠭᠳᠡᠪᠡ︔ 159 ᠳ᠋ᠦᠩᠰᠢᠭᠤᠷ ᠲᠥᠭᠦᠷᠢᠭ ᠲᠤ ᠬᠦᠷᠴᠦ᠂ 79.7% ᠪᠠᠷ ᠨᠡᠮᠡᠭᠳᠡᠪᠡ᠃    ᠶᠡᠷᠦᠩᠬᠡᠶ ᠳᠤᠨᠢ ᠠᠪᠴᠤ ᠦᠵᠡᠪᠡᠯ᠂ ᠪᠥᠬᠦ ᠬᠤᠲᠠ ᠶᠢᠨ ᠠᠵᠤ ᠠᠬᠤᠶ ᠲᠦᠷᠦᠭᠦᠤ ᠭᠤᠷᠪᠠᠨ ᠤᠯᠠᠷᠢᠯ ᠤᠨ ᠰᠠᠶᠢᠨ ᠬᠥᠭᠵᠢᠯᠲᠡ ᠶᠢᠨ ᠪᠠᠶᠢᠳᠠᠯ ᠢᠶᠠᠨ ᠦᠷᠭᠦᠯᠵᠢᠯᠡᠭᠦᠯᠵᠦ᠂ ᠠᠵᠤ ᠠᠬᠤᠶ ᠶᠢᠨ ᠰᠡᠷᠭᠦᠯᠲᠡ ᠶᠢᠨ ᠰᠠᠭᠤᠷᠢ ᠦᠷᠭᠦᠯᠵᠢᠯᠡᠨ ᠪᠠᠬᠢᠵᠢᠪᠡ᠃ ᠭᠡᠪᠡᠴᠦ ᠣᠯᠠᠨ ᠤᠯᠤᠰ ᠤᠨ ᠣᠷᠴᠢᠨ ᠲᠣᠭᠤᠷᠢᠨ ᠤ ᠪᠠᠶᠢᠳᠠᠯ ᠪᠤᠳᠤᠯᠢᠶᠠᠨᠲᠠᠶ᠂ ᠲᠣᠭᠲᠠᠪᠤᠷᠢ ᠦᠭᠡᠶ ᠬᠦᠴᠦᠨ ᠵᠦᠢᠯ ᠨᠡᠯᠢᠶᠡᠳ ᠣᠯᠠᠨ ᠪᠠᠶᠢᠵᠤ᠂ ᠬᠡᠰᠡᠭ ᠠᠵᠢᠯ ᠲᠥᠷᠥᠯ᠂ ᠬᠡᠰᠡᠭ ᠬᠦᠷᠢᠶᠡᠨ ᠤ ᠠᠶᠤᠯ ᠲᠦᠭᠰᠢᠭᠦᠷᠢ ᠶᠢᠨ ᠳᠠᠯᠳᠠ ᠭᠡᠮ ᠢ ᠣᠮᠲᠣᠭᠠᠶᠢᠯᠠᠵᠤ ᠪᠣᠯᠤᠰᠢ ᠦᠭᠡᠶ ᠭᠡᠰᠡᠨ ᠢ ᠣᠯᠵᠤ ᠬᠠᠷᠠᠬᠤ ᠬᠡᠷᠡᠭᠲᠡᠶ᠃ ᠲᠠᠷᠠᠭᠠᠴᠢ ᠶᠢᠨ ᠠᠯᠬᠤᠮ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠥᠨᠳᠥᠷ ᠪᠦᠲᠦᠮᠵᠢᠲᠡᠶ ᠪᠠᠷ ᠨᠠᠶᠢᠳᠠᠪᠤᠷᠢᠵᠢᠭᠤᠯᠵᠤ᠂ ︽ᠲᠠᠪᠤᠨ ᠶᠡᠭᠡ ᠡᠭᠦᠷᠭᠡ︾ ᠶᠢᠨ ᠲᠣᠭᠤᠷᠢᠨ ᠳᠤ᠂ ᠳᠤᠲᠠᠭᠤᠳᠠᠯ ᠢ ᠪᠥᠬᠦ ᠲᠠᠯ᠎ᠠ ᠪᠠᠷ ᠨᠥᠬᠦᠪᠥᠷᠢᠯᠡᠵᠦ᠂ ᠵᠥᠷᠢᠶ᠎ᠡ ᠪᠠᠨ ᠡᠷᠢᠵᠦ᠂ ᠳᠠᠪᠠᠭᠤᠯᠢᠭ ᠢᠶᠠᠨ ᠪᠠᠳᠠᠷᠠᠭᠤᠯᠵᠤ᠂ ᠳᠡᠭᠡᠭᠰᠢᠯᠡᠯᠲᠡ ᠶᠢ ᠠᠬᠢᠭᠤᠯᠵᠤ᠂ ᠪᠥᠬᠦ ᠬᠤᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号