| ᠰᠢᠨᠬᠤᠸᠠ ᠬᠤᠷᠢᠶ᠎ᠠ ᠶᠢᠨ ᠱᠠᠩᠬᠠᠢ ᠶᠢᠨ 11 ᠰᠠᠷ᠎ᠠ ᠶᠢᠨ 30 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ 30 ᠤ ᠦᠳᠡ ᠶᠢᠨ ᠡᠮᠦᠨ᠎ᠡ ᠱᠠᠩᠬᠠᠢ ᠳᠤ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ | ᠴᠣᠭᠴᠠᠵᠢᠭᠰᠠᠨ ᠬᠥᠭᠵᠢᠯᠲᠡ ᠶᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ ᠴᠢᠬᠤᠯᠠ | ᠶᠠᠷᠢᠶ᠎ᠠ ᠲᠠᠯᠪᠢᠪᠠ᠃ ᠲᠡᠷᠡ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠭᠦᠨᠵᠡᠭᠡᠢ | ᠠᠬᠢᠭᠤᠯᠵᠤ᠂ ᠰᠢᠨ᠎ᠡ ᠶᠢ ᠡᠭᠦᠳᠬᠦ ᠴᠢᠳᠠᠪᠤᠷᠢ᠂ ᠠᠵᠤ ᠦᠢᠯᠡᠰ ᠤᠨ ᠥᠷᠢᠰᠦᠯᠳᠦᠬᠦ ᠬᠦᠴᠦᠨ᠂ ᠬᠥᠭᠵᠢᠯᠲᠡ ᠶᠢᠨ | ᠴᠢᠳᠠᠪᠤᠷᠢ ᠲᠡᠰ ᠢ ᠤᠯᠠᠮ ᠳᠡᠭᠡᠭᠰᠢᠯᠡᠭᠦᠯᠵᠦ᠂ ᠨᠡᠩ ᠥᠨᠳᠥᠷ ᠲᠡᠰ ᠳᠠᠪᠬᠤᠷᠭ᠎ᠠ ᠶᠢᠨ ᠥᠭᠡᠷᠡᠴᠢᠯᠡᠯᠲᠡ ᠨᠡᠭᠡᠭᠡᠯᠲᠡ ᠶᠢᠨ | ᠰᠢᠨ᠎ᠡ ᠪᠠᠶᠢᠷᠢᠰᠢᠯ ᠢ ᠤᠷᠢᠳ ᠢᠶᠠᠷ ᠪᠦᠷᠢᠯᠳᠦᠭᠦᠯᠬᠦ ᠨᠢ ᠮᠠᠨ ᠤ ᠤᠯᠤᠰ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠪᠠ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ | ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠨᠢᠭᠡ | ᠴᠣᠭᠴᠠᠵᠢᠭᠤᠯᠬᠤ ᠪᠠ ᠴᠢᠨᠠᠷ ᠰᠠᠶᠢᠲᠠᠢ ᠪᠠᠶᠢᠯᠭᠠᠬᠤ ᠡᠨᠡ ᠬᠤᠶᠠᠷ ᠵᠠᠩᠭᠢᠯᠠᠭ᠎ᠠ ᠶᠢᠨ ᠦᠭᠡ ᠶᠢ ᠴᠢᠩᠭ᠎ᠠ ᠡᠵᠡᠮᠳᠡᠵᠦ᠂ ᠪᠦᠭᠦ | ᠪᠥᠮᠪᠥᠷᠴᠡᠭ ᠤᠨ ᠬᠠᠷᠠᠭᠠᠰᠤ ᠪᠠ ᠪᠠᠶᠢᠯᠳᠤᠬᠤ ᠪᠣᠳᠣᠯᠭ᠎ᠠ ᠶᠢᠨ ᠰᠡᠳᠬᠢᠬᠦᠢ ᠶᠢ ᠪᠤᠢ ᠪᠤᠯᠭᠠᠵᠤ᠂ ᠣᠭᠲᠣᠬᠠᠨ ᠴᠤ | ᠭᠤᠶᠢᠪᠢᠰᠢ ᠦᠭᠡᠢ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠨᠡᠭᠡᠭᠡᠯᠲᠡ ᠶᠢ | ᠥᠷᠭᠡᠳᠬᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ | ᠡᠭᠦᠳᠬᠦ ᠶᠢ ᠨᠢᠭᠡᠳᠦᠯᠲᠡᠢ ᠲᠥᠯᠥᠪᠵᠢᠭᠦᠯᠵᠦ᠂ ᠳᠠᠭᠠᠭᠤᠯᠤᠭᠴᠢ ᠪᠣᠯᠵᠤ ᠳᠠᠶᠢᠴᠢᠯᠠᠬᠤ ᠪᠠ ᠲᠤᠰ ᠲᠤᠰ ᠤᠨ | ᠳᠠᠪᠠᠭᠤᠯᠢᠭ ᠢᠶᠠᠨ ᠪᠠᠳᠠᠷᠠᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠬᠠᠲᠠᠭᠤ ᠲᠤᠨᠤᠭ ᠤᠨ ᠬᠤᠯᠪᠣᠯᠳᠤᠨ ᠨᠡᠪᠲᠡᠷᠡᠯᠴᠡᠬᠦ | ᠪᠠ ᠲᠣᠭᠲᠠᠴᠠ ᠶᠢᠨ ᠬᠠᠮᠵᠢᠯᠴᠠᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠪᠠ ᠠᠵᠤ ᠠᠬᠤᠢ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠬᠠᠮᠲᠤ ᠪᠠᠷ ᠪᠠᠶᠠᠵᠢᠬᠤ ᠶᠢ | ᠠᠬᠢᠭᠤᠯᠬᠤ ᠲᠠᠯ᠎ᠠ ᠪᠠᠷ ᠤᠷᠢᠳ ᠢᠶᠠᠷ ᠵᠢᠱᠢᠶ᠎ᠡ ᠦᠵᠡᠭᠦᠯᠵᠦ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ | ᠪᠣᠯᠪᠠᠰᠤᠨ ᠢ ᠪᠠᠶᠢᠭᠤᠯᠬᠤ ᠲᠠᠯ᠎ᠠ ᠪᠠᠷ ᠢᠳᠡᠪᠬᠢᠲᠡᠢ ᠰᠦᠪᠡᠭᠴᠢᠯᠡᠵᠦ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ | ᠴᠣᠭᠴᠠᠵᠢᠭᠰᠠᠨ ᠬᠥᠭᠵᠢᠯᠲᠡ ᠶᠢᠨ ᠴᠢᠬᠤᠯᠠ ᠶᠡᠭᠡ ᠰᠢᠨ᠎ᠡ ᠰᠢᠪᠲᠤᠯᠤᠯᠲᠠ ᠲᠠᠢ ᠪᠤᠯᠬᠤ ᠶᠢ ᠠᠬᠢᠭᠤᠯᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠤᠮᠳᠠ ᠡᠮᠦᠨ᠎ᠡ ᠨᠢ ᠬᠤᠰᠢᠭᠤᠷᠠᠵᠤ᠂ ᠤᠷᠢᠳ ᠢᠶᠠᠷ ᠵᠠᠮ ᠰᠦᠪᠡᠭᠴᠢᠯᠡᠬᠦ᠂ | ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠭᠦ᠂ ᠨᠥᠯᠥᠭᠡᠯᠡᠨ ᠳᠠᠶᠢᠴᠢᠯᠠᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | 11 ᠰᠠᠷ᠎ᠠ ᠶᠢᠨ 30 ᠤ ᠦᠳᠡ ᠶᠢᠨ ᠡᠮᠦᠨ᠎ᠡ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠱᠠᠩᠬᠠᠢ ᠳᠤ | ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠭᠦᠨᠵᠡᠭᠡᠢ ᠠᠬᠢᠭᠤᠯᠬᠤ ᠶᠠᠷᠢᠯᠴᠠᠬᠤ | ᠬᠤᠷᠠᠯ ᠢ ᠡᠷᠭᠢᠯᠡᠨ ᠬᠤᠷᠠᠯᠳᠤᠭᠤᠯᠵᠤ ᠴᠢᠬᠤᠯᠠ ᠶᠠᠷᠢᠶ᠎ᠠ ᠲᠠᠯᠪᠢᠪᠠ᠃ | ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ | ᠶᠠᠷᠢᠯᠴᠠᠬᠤ ᠬᠤᠷᠠᠯ ᠳᠤ ᠣᠷᠣᠯᠴᠠᠪᠠ᠃ | ᠰᠢ ᠶᠢᠨ ᠫᠢᠩ ᠱᠠᠩᠬᠠᠢ ᠳᠤ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠠᠭᠠᠨ ᠡᠨᠡ ᠤᠳᠠᠭ᠎ᠠ ᠶᠢᠨ ᠶᠠᠷᠢᠯᠴᠠᠬᠤ | ᠬᠤᠷᠠᠯ ᠢ ᠲᠤᠰᠬᠠᠶᠢᠯᠠᠨ ᠬᠤᠷᠠᠯᠳᠤᠭᠤᠯᠪᠠ᠃ ᠶᠠᠷᠢᠯᠴᠠᠬᠤ ᠬᠤᠷᠠᠯ ᠳᠡᠭᠡᠷ᠎ᠡ᠂ ᠤᠯᠤᠰ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠤᠨ ᠡᠷᠭᠢᠯᠡᠭᠴᠢ ᠵᠧᠩ ᠱᠠᠨ ᠵᠢᠶᠧ᠂ ᠱᠠᠩᠬᠠᠢ ᠬᠤᠳᠠ ᠶᠢᠨ ᠨᠠᠮ ᠤᠨ ᠬᠤᠷᠢᠶ᠎ᠠ ᠶᠢᠨ ᠱᠦᠵᠢ | ᠴᠧᠨ ᠵᠢᠢ ᠨᠢᠩ᠂ ᠵᠢᠶᠠᠩᠰᠤ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠰᠢᠨ ᠴᠠᠩ ᠰᠢᠩ᠂ ᠵᠧᠵᠢᠶᠠᠩ ᠮᠤᠵᠢ ᠶᠢᠨ | ᠨᠠᠮ ᠤᠨ ᠬᠤᠷᠢᠶ᠎ᠠ ᠶᠢᠨ ᠱᠦᠵᠢ ᠢ ᠯᠢᠶᠠᠨ ᠬᠤᠩ᠂ ᠠᠨᠾᠦ᠋ᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠬᠠᠨ ᠵᠢᠶᠦ᠋ᠨ | ᠤᠷᠢᠳ ᠬᠤᠵᠢᠳ ᠦᠭᠡ ᠬᠡᠯᠡᠵᠦ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ | ᠠᠬᠢᠭᠤᠯᠬᠤ ᠲᠤᠬᠠᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠬᠢᠵᠦ᠂ ᠰᠠᠨᠠᠯ ᠰᠠᠨᠠᠭᠤᠯᠭ᠎ᠠ ᠳᠤᠷᠠᠳᠴᠠᠢ᠃ | ᠤᠯᠠᠨ ᠤ ᠬᠡᠯᠡᠬᠦ ᠶᠢ ᠰᠣᠨᠣᠰᠤᠭᠰᠠᠨ ᠤ ᠲᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ | ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠳᠤᠷᠠᠳᠤᠨ | ᠭᠠᠷᠭᠠᠵᠤ ᠬᠡᠷᠡᠭᠵᠢᠭᠦᠯᠦᠭᠰᠡᠨ 5 ᠵᠢᠯ ᠤᠨ ᠲᠤᠷᠰᠢ᠂ ᠲᠥᠯᠦᠪᠵᠢᠭᠦᠯᠭᠡ ᠲᠦᠷᠦ ᠶᠢᠨ ᠪᠣᠳᠣᠯᠭ᠎ᠠ ᠶᠢᠨ ᠰᠢᠰᠲ᠋ᠧᠮ ᠢ | ᠪᠦᠷᠢᠯᠳᠦᠭᠦᠯᠦᠭᠰᠡᠨ ᠪᠥᠭᠡᠳ ᠲᠠᠰᠤᠷᠠᠯᠳᠡ ᠦᠭᠡᠢ ᠲᠡᠭᠦᠯᠳᠡᠷᠵᠢᠭᠦᠯᠵᠦ᠂ ᠡᠷᠴᠢᠮᠲᠡᠢ ᠬᠥᠭᠵᠢᠶᠡᠨᠲᠡᠢ ᠨᠡᠮᠡᠭᠳᠡᠯ ᠤᠨ | ᠲᠦᠢᠯ ᠤᠨ ᠴᠢᠳᠠᠮᠵᠢ ᠶᠢ ᠲᠠᠰᠤᠷᠠᠯᠳᠡ ᠦᠭᠡᠢ ᠪᠠᠬᠢᠵᠢᠭᠦᠯᠦᠨ ᠳᠡᠭᠡᠭᠰᠢᠯᠡᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠢ ᠲᠦᠷᠭᠡᠳᠬᠡᠨ ᠪᠠᠶᠢᠭᠤᠯᠵᠤ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠴᠢᠬᠤᠯᠠ ᠶᠡᠭᠡ | ᠰᠢᠪᠲᠤᠯᠤᠯᠲᠠ ᠲᠠᠢ ᠪᠣᠯᠵᠤ᠂ ᠥᠭᠡᠷᠡᠴᠢᠯᠡᠯᠲᠡ ᠨᠡᠭᠡᠭᠡᠯᠲᠡ ᠰᠢᠨ᠎ᠡ ᠠᠯᠬᠤᠮ ᠢ ᠠᠯᠬᠤᠵᠤ᠂ ᠠᠮᠢ ᠠᠬᠤᠢ ᠣᠷᠴᠢᠨ | ᠲᠣᠭᠤᠷᠢᠨ ᠢ ᠬᠠᠮᠲᠤ ᠪᠠᠷ ᠬᠠᠮᠠᠭᠠᠯᠠᠵᠤ ᠬᠤᠯᠪᠤᠭᠠᠯᠠᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠬᠡᠮᠥ᠋ᠷᠡᠨ ᠤ | ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠪᠦᠬᠦᠯᠢ ᠴᠣᠭᠴᠠ ᠶᠢᠨ ᠪᠣᠳᠠᠲᠤ ᠬᠦᠴᠦᠨ ᠪᠣᠯᠣᠨ ᠶᠡᠷᠦᠩᠬᠡᠶᠢᠯᠡᠭᠰᠡᠨ | ᠥᠷᠢᠰᠦᠯᠳᠦᠬᠦ ᠬᠦᠴᠦᠨ ᠦᠷᠭᠦᠯᠵᠢᠯᠡᠨ ᠪᠦᠭᠦ ᠤᠯᠤᠰ ᠤᠨ ᠡᠮᠦᠨ᠎ᠡ ᠡᠩᠨᠡᠭᠡᠨ ᠳᠤ ᠣᠷᠣᠵᠤ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠴᠢᠨᠠᠷ ᠢ ᠢᠯᠡᠷᠡᠭᠦᠯᠦᠭᠰᠡᠨ ᠴᠢᠬᠤᠯᠠ ᠴᠣᠩᠬᠤᠪᠴᠢ | ᠪᠣᠯᠣᠨ ᠮᠠᠨ ᠤ ᠤᠯᠤᠰ ᠤᠨ ᠤᠯᠠᠨ ᠤᠯᠤᠰ ᠤᠨ ᠥᠷᠢᠰᠦᠯᠳᠦᠭᠡᠨ ᠬᠠᠮᠲᠤᠷᠠᠯᠴᠠᠭ᠎ᠠ ᠳᠤ ᠣᠷᠤᠯᠴᠠᠬᠤ ᠴᠢᠬᠤᠯᠠ | ᠲᠠᠪᠴᠠᠩ ᠤᠨ ᠦᠢᠯᠡᠳᠦᠯ ᠡᠳᠦᠷ ᠢᠷᠡᠬᠦᠶ᠎ᠡ ᠢᠯᠡᠷᠡᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠥᠨᠳᠥᠷ | ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠳᠤ ᠪᠠᠶᠢᠯᠳᠤᠬᠤ ᠪᠣᠳᠣᠯᠭ᠎ᠠ ᠶᠢᠨ ᠰᠠᠨᠠᠭᠠᠴᠢᠯᠠᠭᠠᠲᠤ ᠡᠷᠬᠡ ᠶᠢ | ᠲᠡᠮᠡᠴᠡᠨ ᠣᠯᠣᠭᠰᠠᠨ ᠪᠠᠶᠢᠨ᠎ᠠ᠃ ᠡᠭᠦᠨ ᠤ ᠬᠠᠮᠲᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ | ᠬᠥᠭᠵᠢᠯᠲᠡ ᠳᠤ ᠮᠠᠰᠢ ᠤᠯᠠᠨ ᠭᠦᠨ ᠳᠠᠪᠬᠤᠷᠭ᠎ᠠ ᠶᠢᠨ ᠠᠰᠠᠭᠤᠳᠠᠯ ᠢ ᠤᠯᠠᠮ ᠴᠢᠨᠠᠭᠰᠢᠳᠠ ᠰᠢᠢᠳᠪᠦᠷᠢᠯᠡᠬᠦ ᠴᠢᠬᠤᠯᠠᠲᠠᠢ᠂ | ᠬᠥᠭᠵᠢᠯᠲᠡ ᠶᠢᠨ ᠶᠠᠰᠤ ᠴᠢᠨᠠᠷ ᠦᠷ᠎ᠡ ᠪᠦᠲᠦᠮᠵᠢ ᠪᠣᠯᠣᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠮᠥᠨ ᠬᠦ | ᠳᠡᠭᠡᠭᠰᠢᠯᠡᠭᠦᠯᠭᠦ ᠴᠢᠬᠤᠯᠠᠲᠠᠢ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠣᠷᠣᠨ ᠪᠦᠰᠡ ᠶᠢᠨ ᠨᠢᠭᠡ | ᠴᠣᠭᠴᠠᠵᠢᠯᠲᠠ ᠳᠤ ᠪᠠᠰᠠ ᠴᠢᠷᠮᠠᠶᠢᠯᠭ᠎ᠠ ᠭᠠᠷᠭᠠᠬᠤ ᠴᠢᠬᠤᠯᠠᠲᠠᠢ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢᠨ ᠠᠵᠢᠯ ᠤᠨ ᠬᠤᠪᠢᠶᠠᠷᠢᠯᠠᠨ ᠬᠠᠮᠵᠢᠯᠴᠠᠬᠤ ᠲᠦᠪᠰᠢᠨ ᠢ ᠳᠡᠭᠡᠭᠰᠢᠯᠡᠭᠦᠯᠭᠦ ᠴᠢᠬᠤᠯᠠᠲᠠᠢ᠂ ᠪᠦᠭᠦ ᠤᠯᠤᠰ ᠤᠨ | ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠠᠶᠢᠭᠤᠯᠬᠤ ᠳᠠᠭᠠᠭᠤᠯᠤᠭᠴᠢ ᠶᠢᠨ ᠳᠠᠶᠢᠴᠢᠯᠠᠬᠤ ᠦᠢᠯᠡᠳᠦᠯ ᠢ ᠴᠢᠨᠠᠭᠰᠢᠳᠠ | ᠪᠠᠳᠠᠷᠠᠭᠤᠯᠬᠤ ᠴᠢᠬᠤᠯᠠᠲᠠᠢ᠂ ᠥᠭᠡᠷᠡᠴᠢᠯᠡᠯᠲᠡ ᠨᠡᠭᠡᠭᠡᠯᠲᠡ ᠶᠢ ᠪᠠᠰᠠ ᠴᠢᠨᠠᠭᠰᠢᠳᠠ ᠭᠦᠨᠵᠡᠭᠡᠶᠢᠷᠡᠭᠦᠯᠦᠨ ᠥᠷᠭᠡᠳᠬᠡᠬᠦ | ᠴᠢᠬᠤᠯᠠᠲᠠᠢ᠂ ᠭᠡᠳᠦ ᠶᠡᠭᠡ ᠣᠨᠴᠠ ᠶᠡᠭᠡ ᠬᠤᠳᠠ ᠶᠢᠨ ᠵᠠᠰᠠᠯᠲᠠ ᠪᠣᠯᠣᠨ ᠬᠥᠭᠵᠢᠯᠲᠡ ᠳᠤ ᠪᠠᠰᠠ ᠴᠥᠭᠡᠨ ᠪᠤᠰᠤ | ᠳᠤᠲᠠᠭᠤᠳᠠᠯ ᠣᠷᠣᠰᠢᠵᠤ ᠪᠠᠶᠢᠬᠤ ᠶᠢ ᠣᠯᠵᠤ ᠬᠠᠷᠠᠬᠤ ᠬᠡᠷᠡᠭᠲᠡᠢ᠃ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ | ᠴᠣᠭᠴᠠᠵᠢᠭᠰᠠᠨ ᠬᠥᠭᠵᠢᠯᠲᠡ ᠶᠢ ᠠᠬᠢᠭᠤᠯᠬᠤ ᠪᠣᠯ ᠲᠣᠮᠣ ᠶᠠᠪᠤᠳᠠᠯ ᠮᠥᠨ᠂ ᠲᠣᠭᠲᠠᠭᠤᠨ ᠤ ᠳᠤᠮᠳᠠ ᠤᠷᠤᠭᠰᠢᠯᠠᠨ | ᠲᠠᠪᠰᠢᠬᠤ ᠶᠢ ᠪᠠᠷᠢᠮᠲᠠᠯᠠᠵᠤ᠂ ᠨᠢᠭᠡ ᠡᠭᠡᠯᠵᠢ ᠨᠢ ᠨᠢᠭᠡ ᠡᠭᠡᠯᠵᠢ ᠪᠠᠨ ᠵᠠᠯᠭᠠᠨ ᠠᠪᠴᠤ ᠦᠷᠭᠦᠯᠵᠢᠯᠡᠨ ᠠᠵᠢᠯᠯᠠᠵᠤ᠂ | ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠲᠠᠰᠤᠷᠠᠯᠳᠠ | ᠦᠭᠡᠢ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠬᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠳᠡᠭᠡᠨ ᠣᠷᠣᠨ ᠪᠦᠰᠡ ᠠᠯᠤᠰᠯᠠᠨ | ᠬᠠᠮᠵᠢᠯᠴᠠᠬᠤ ᠶᠢ ᠴᠢᠩᠭᠠᠳᠬᠠᠬᠤ ᠬᠡᠷᠡᠭᠲᠡᠢ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ | ᠶᠡᠭᠡ ᠪᠠᠷ ᠠᠬᠢᠭᠤᠯᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ | ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠴᠢᠩᠭᠠᠳᠬᠠᠵᠤ᠂ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ | ᠭᠡᠯᠪᠡᠷᠢ ᠰᠢᠨ᠎ᠡ ᠵᠠᠭᠪᠤᠷ ᠤᠨ ᠪᠤᠢ ᠪᠤᠯᠬᠤ ᠶᠢ ᠲᠦᠷᠭᠡᠳᠬᠡᠵᠦ᠂ ᠬᠥᠭᠵᠢᠯᠲᠡ ᠶᠢᠨ ᠰᠢᠨ᠎ᠡ ᠣᠷᠣᠨ ᠵᠠᠢ ᠶᠢ ᠥᠷᠭᠡᠳᠬᠡᠵᠦ᠂ | ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠵᠤ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠲᠠᠢ ᠨᠡᠩ | ᠰᠠᠶᠢᠲᠤᠷ ᠬᠤᠯᠪᠤᠭᠠᠯᠠᠨ ᠬᠥᠳᠡᠯᠦᠯᠴᠡᠵᠦ᠂ ᠪᠦᠭᠦ ᠤᠯᠤᠰ ᠢ ᠲᠠᠶᠢᠴᠢᠯᠠᠨ ᠨᠥᠯᠥᠭᠡᠯᠡᠬᠦ ᠬᠡᠷᠡᠭᠲᠡᠢ᠃ ᠣᠷᠣᠨ ᠪᠦᠰᠡ | ᠠᠯᠤᠰᠯᠠᠨ᠂ ᠰᠠᠯᠠᠭ᠎ᠠ ᠮᠥᠴᠢᠷ ᠠᠯᠤᠰᠯᠠᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠴᠦᠨ | ᠪᠣᠯᠣᠨ ᠳᠠᠪᠠᠭᠤᠯᠢᠭ ᠡᠬᠢ ᠪᠠᠶᠠᠯᠢᠭ ᠢ ᠨᠡᠶᠢᠳᠬᠡᠵᠦ᠂ ᠬᠦᠴᠦᠷᠬᠡᠭ ᠨᠢ ᠬᠦᠴᠦᠷᠬᠡᠭ ᠲᠠᠢ ᠪᠠᠨ ᠬᠤᠯᠪᠣᠭᠠᠯᠠᠬᠤ ᠶᠢ | ᠪᠡᠶᠡᠯᠡᠭᠦᠯᠵᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠯᠣᠮᠲᠠ ᠶᠢ ᠴᠣᠭᠴᠠᠯᠠᠬᠤ ᠬᠡᠷᠡᠭᠲᠡᠢ᠃ | ᠨᠡᠩ ᠨᠡᠭᠡᠭᠡᠯᠲᠡᠲᠡᠢ ᠰᠡᠳᠬᠢᠬᠦᠢ ᠪᠣᠯᠣᠨ ᠠᠷᠭ᠎ᠠ ᠬᠡᠮᠵᠢᠶ᠎ᠡ ᠪᠠᠷ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠠᠮᠲᠤᠷᠠᠯᠴᠠᠭ᠎ᠠ ᠳᠤ ᠣᠷᠣᠯᠴᠠᠵᠤ᠂ ᠪᠦᠭᠦ ᠪᠥᠮᠪᠥᠷᠴᠡᠭ ᠤᠨ ᠥᠷᠢᠰᠦᠯᠳᠦᠬᠦ ᠬᠦᠴᠦᠨ ᠢᠶᠠᠷ ᠨᠡᠩ ᠶᠡᠭᠡ | ᠰᠢᠨ᠎ᠡ ᠶᠢ ᠡᠭᠦᠳᠬᠦ ᠠᠮᠢ ᠠᠬᠤᠢ ᠶᠢ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠬᠢᠨ ᠨᠢᠭᠡ ᠴᠣᠭᠴᠠᠵᠢᠭᠰᠠᠨ | ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠬᠦ ᠬᠡᠷᠡᠭᠲᠡᠢ᠃ ᠡᠷᠬᠡᠪᠰᠢ ᠪᠠᠶᠢᠭᠤᠯᠤᠮᠵᠢ | ᠲᠣᠭᠲᠠᠴᠠ ᠶᠢᠨ ᠲᠠᠯ᠎ᠠ ᠪᠠᠷ ᠭᠠᠵᠠᠷ ᠣᠷᠣᠨ ᠤ ᠬᠡᠰᠡᠭᠯᠡᠯ ᠪᠠ ᠵᠠᠰᠠᠭ ᠵᠠᠬᠢᠷᠭᠠᠨ ᠤ ᠪᠠᠬᠢᠯᠡᠯᠲᠡ ᠶᠢ ᠡᠪᠳᠡᠵᠦ᠂ ᠨᠢᠭᠡ | ᠴᠣᠭᠴᠠᠵᠢᠭᠤᠯᠤᠨ ᠬᠥᠭᠵᠢᠭᠦᠯᠬᠦ ᠳᠤ ᠳᠦᠷᠢᠮ ᠤᠨ ᠪᠠᠲᠤᠯᠠᠭ᠎ᠠ ᠬᠠᠩᠭᠠᠬᠤ ᠬᠡᠷᠡᠭᠲᠡᠢ᠃ ᠨᠢᠭᠡ ᠴᠣᠭᠴᠠᠵᠢᠭᠤᠯᠬᠤ | ᠤᠬᠠᠮᠰᠠᠷ ᠢᠶᠠᠨ ᠴᠢᠩᠭᠠᠳᠬᠠᠵᠤ᠂ ᠬᠥᠯᠭᠡ ᠰᠢᠲᠠᠷ᠎ᠠ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠳᠦᠷᠢᠮ ᠪᠠ ᠪᠠᠶᠢᠭᠤᠯᠤᠮᠵᠢ | ᠲᠣᠭᠲᠠᠴᠠ ᠶᠢᠨ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠭᠤᠣᠯᠳᠠᠯᠭ᠎ᠠ ᠲᠠᠢ ᠬᠦᠷᠢᠶ᠎ᠡ ᠭᠤᠣᠯᠳᠠᠯᠭ᠎ᠠ ᠲᠠᠢ | ᠣᠷᠣᠨ ᠪᠦᠰᠡ ᠳᠤ ᠨᠡᠩ ᠶᠡᠭᠡ ᠰᠢᠪᠲᠤᠯᠤᠯᠲᠠ ᠭᠠᠷᠭᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ | ᠰᠢᠰᠲ᠋ᠧᠮ ᠲᠠᠢ ᠬᠤᠷᠠᠮᠳᠤᠯ ᠪᠠ ᠬᠠᠮᠵᠢᠯᠴᠠᠭ᠎ᠠ ᠶᠢ ᠴᠢᠩᠭᠠᠳᠬᠠᠵᠤ᠂ ᠨᠢᠭᠡ ᠴᠣᠭᠴᠠᠵᠢᠯᠲᠠ ᠶᠢ ᠨᠡᠩ ᠭᠦᠨ ᠳᠠᠪᠬᠤᠷᠭ᠎ᠠ | ᠨᠡᠩ ᠥᠷᠭᠡᠨ ᠬᠦᠷᠢᠶ᠎ᠡ ᠲᠡᠶᠢᠰᠢ ᠥᠷᠭᠡᠳᠬᠡᠬᠦ ᠶᠢ ᠠᠬᠢᠭᠤᠯᠬᠤ ᠬᠡᠷᠡᠭᠲᠡᠢ᠃ ᠤᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡᠨ ᠤ ᠳᠦᠷᠢᠮ ᠤᠨ ᠵᠣᠯᠭᠠᠯᠴᠠᠭ᠎ᠠ᠂ ᠲᠦᠷᠦ ᠶᠢᠨ ᠪᠣᠳᠣᠯᠭ᠎ᠠ ᠶᠢᠨ ᠬᠠᠮᠵᠢᠯᠴᠠᠭ᠎ᠠ᠂ ᠪᠠᠷᠢᠮᠵᠢᠶ᠎ᠠ ᠠᠳᠠᠯᠢᠰᠢᠬᠤ ᠶᠢ | ᠠᠯᠬᠤᠮ ᠲᠠᠷᠠᠭ᠎ᠠ ᠲᠠᠢ ᠪᠠᠷ ᠠᠬᠢᠭᠤᠯᠵᠤ᠂ ᠡᠯ᠎ᠡ ᠬᠦᠷᠢᠶᠡᠨ ᠤ ᠤᠯᠠᠨ ᠨᠡᠶᠢᠲᠡ ᠶᠢᠨ ᠦᠢᠯᠡᠴᠢᠯᠡᠭᠡ ᠶᠢᠨ ᠲᠦᠭᠦᠮ | ᠦᠵᠡᠭᠦᠯᠵᠦ ᠬᠠᠮᠲᠤ ᠪᠠᠷ ᠡᠳ᠋ᠯᠡᠬᠦ ᠶᠢ ᠲᠦᠷᠦᠯ ᠬᠤᠪᠢᠶᠠᠨ ᠠᠬᠢᠭᠤᠯᠬᠤ ᠬᠡᠷᠡᠭᠲᠡᠢ᠃ ᠡᠯ᠎ᠡ ᠲᠦᠷᠦᠯ ᠤᠨ ᠵᠠᠮ | ᠬᠠᠷᠢᠯᠴᠠᠭᠠᠨ ᠤ ᠲᠣᠣᠷ ᠤᠨ ᠰᠠᠭᠤᠷᠢ ᠲᠥᠬᠦᠭᠡᠷᠦᠮᠵᠢ ᠶᠢᠨ ᠪᠠᠷᠢᠮᠵᠢᠶ᠎ᠠ ᠶᠢ ᠣᠷᠣᠨ ᠪᠦᠰᠡ ᠠᠯᠤᠰᠯᠠᠨ ᠵᠣᠯᠭᠠᠭᠤᠯᠬᠤ ᠶᠢ | ᠴᠢᠩᠭᠠᠳᠬᠠᠵᠤ᠂ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ | ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠠᠮᠢ ᠠᠬᠤᠢ ᠶᠢᠨ ᠪᠣᠬᠢᠷᠳᠤᠯ ᠦᠭᠡᠢ ᠨᠢᠭᠡ ᠴᠣᠭᠴᠠᠵᠢᠭᠰᠠᠨ ᠬᠥᠭᠵᠢᠯᠲᠡ ᠶᠢᠨ | ᠵᠢᠱᠢᠶ᠎ᠡ ᠦᠵᠡᠭᠦᠯᠭᠦ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠵᠢᠱᠢᠶ᠎ᠡ ᠦᠵᠡᠭᠦᠯᠭᠦ ᠣᠷᠣᠨ ᠤ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠲᠥᠯᠦᠪᠵᠢᠭᠦᠯᠭᠡ᠂ | ᠭᠠᠵᠠᠷ ᠰᠢᠷᠣᠢ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠣᠷᠣᠨ ᠪᠦᠰᠡ ᠠᠯᠤᠰᠯᠠᠨ ᠬᠠᠮᠵᠢᠯᠴᠠᠬᠤ ᠪᠠ | ᠣᠷᠭᠠᠨᠢᠭ ᠢᠶᠠᠷ ᠵᠣᠯᠭᠠᠯᠳᠤᠬᠤ ᠶᠢ ᠴᠢᠩᠭᠠᠳᠬᠠᠵᠤ᠂ ᠣᠷᠣᠨ ᠪᠦᠰᠡ ᠶᠢᠨ ᠲᠦᠷᠦᠯ ᠵᠦᠢᠯ ᠤᠨ ᠬᠠᠮᠵᠢᠯᠴᠠᠭ᠎ᠠ ᠠᠴᠠ ᠣᠷᠣᠨ | ᠪᠦᠰᠡ ᠶᠢᠨ ᠨᠢᠭᠡ ᠴᠣᠭᠴᠠᠵᠢᠭᠰᠠᠨ ᠳᠦᠷᠢᠮ ᠤᠨ ᠰᠢᠨ᠎ᠡ ᠶᠢ ᠡᠭᠦᠳᠬᠦ ᠶᠢ ᠲᠦᠷᠭᠡᠳᠬᠡᠬᠦ ᠬᠡᠷᠡᠭᠲᠡᠢ᠃ ᠣᠷᠣᠨ ᠪᠦᠰᠡ | ᠠᠯᠤᠰᠯᠠᠨ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠠᠬᠢᠭᠤᠯᠵᠤ᠂ ᠠᠵᠤ ᠦᠢᠯᠡᠰ ᠤᠨ ᠣᠷᠣᠨ ᠪᠦᠰᠡ ᠠᠯᠤᠰᠯᠠᠨ | ᠰᠢᠯᠵᠢᠭᠦ ᠪᠠ ᠦᠢᠯᠡᠳᠪᠦᠷᠢᠯᠡᠯ ᠤᠨ ᠬᠦᠴᠦᠨ ᠵᠦᠢᠯ ᠢ ᠵᠦᠢ ᠵᠣᠬᠢᠰᠲᠠᠢ ᠲᠣᠬᠢᠷᠠᠭᠤᠯᠬᠤ ᠶᠢ ᠡᠮᠬᠢ ᠵᠢᠷᠤᠮ ᠲᠠᠢ ᠠᠬᠢᠭᠤᠯᠵᠤ | ᠂ ᠬᠥᠬᠡᠮᠥ᠋ᠷᠡᠨ ᠤ ᠭᠤᠷᠪᠠᠯᠵᠢᠨ ᠬᠤᠶᠢᠭ ᠢ ᠦᠨᠡᠨ ᠬᠦ ᠣᠷᠣᠨ ᠪᠦᠰᠡ ᠶᠢᠨ ᠬᠥᠭᠵᠢᠯᠲᠡ ᠶᠢᠨ ᠬᠠᠮᠲᠤ ᠶᠢᠨ ᠴᠣᠭᠴᠠ | ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠬᠢᠨ ᠳᠡᠭᠡᠳᠦ ᠲᠡᠰ | ᠳᠠᠪᠬᠤᠷᠭ᠎ᠠ ᠶᠢᠨ ᠬᠠᠮᠵᠢᠯᠴᠠᠨ ᠨᠡᠭᠡᠭᠡᠯᠲᠡ ᠬᠢᠬᠦ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠳᠦᠷᠢᠮ ᠤᠨ ᠭᠡᠯᠪᠡᠷᠢ ᠶᠢᠨ | ᠨᠡᠭᠡᠭᠡᠯᠲᠡ ᠪᠠᠷ ᠭᠤᠣᠯᠳᠠᠯᠭ᠎ᠠ ᠪᠤᠯᠭᠠᠬᠰᠠᠨ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠵᠤ᠂ | ᠥᠭᠡᠷᠡᠴᠢᠯᠡᠯᠲᠡ ᠶᠢᠨ ᠲᠤᠷᠰᠢᠯᠭ᠎ᠠ ᠪᠠᠨ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠤᠯᠭᠠᠬᠤ ᠪᠠ ᠲᠡᠷᠡ ᠬᠡᠪ ᠢᠶᠠᠷ ᠨᠢ | ᠳᠡᠯᠭᠡᠷᠡᠭᠦᠯᠬᠦ ᠶᠢ ᠴᠢᠩᠭᠠᠳᠬᠠᠵᠤ᠂ ᠮᠠᠨ ᠤ ᠤᠯᠤᠰ ᠤᠨ ᠠᠵᠤ ᠠᠬᠤᠢ ᠶᠢᠨ ᠶᠡᠭᠡ ᠣᠷᠴᠢᠯ ᠢ ᠰᠢᠯᠤᠭᠤᠳᠬᠠᠬᠤ ᠬᠦᠴᠦᠷᠬᠡᠭ | ᠶᠡᠭᠡ ᠬᠥᠳᠡᠯᠭᠡᠭᠦᠷ ᠪᠠ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠯᠳᠤᠭᠤᠯᠬᠤ ᠪᠠᠶᠢᠯᠳᠤᠬᠤ | ᠪᠣᠳᠣᠯᠭ᠎ᠠ ᠶᠢᠨ ᠬᠦᠢᠰᠦ ᠪᠤᠯᠬᠤ ᠪᠠᠷ ᠴᠢᠷᠮᠠᠶᠢᠬᠤ ᠬᠡᠷᠡᠭᠲᠡᠢ᠃ ᠱᠠᠩᠬᠠᠢ ᠶᠢᠨ ︽ᠲᠠᠪᠤᠨ ᠲᠥᠪ︾ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠫᠦᠳᠦ᠋ᠩ ᠰᠢᠨ᠎ᠡ ᠲᠣᠭᠤᠷᠢᠭ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ | ᠲᠤᠷᠰᠢᠯᠲᠠ ᠶᠢᠨ ᠴᠡᠭ ᠢ ᠲᠦᠷᠭᠡᠳᠬᠡᠨ ᠠᠬᠢᠭᠤᠯᠵᠤ᠂ ᠬᠤᠩ ᠴᠢᠶᠣᠤ ᠶᠢᠨ ᠤᠯᠠᠨ ᠤᠯᠤᠰ ᠤᠨ ᠨᠡᠭᠡᠭᠡᠯᠲᠡ ᠶᠢᠨ | ᠬᠦᠢᠰᠦ ᠶᠢᠨ ᠲᠠᠶᠢᠴᠢᠯᠠᠨ ᠨᠥᠯᠥᠭᠡᠯᠡᠬᠦ ᠴᠢᠳᠠᠪᠤᠷᠢ ᠶᠢᠨ ᠲᠡᠰ ᠢ ᠤᠯᠠᠮ ᠳᠡᠭᠡᠭᠰᠢᠯᠡᠭᠦᠯᠵᠦ᠂ ᠴᠢᠯᠦᠭᠡᠲᠦ ᠠᠷᠠᠯᠵᠢᠶᠠᠨ ᠤ | ᠲᠤᠷᠰᠢᠯᠲᠠ ᠶᠢᠨ ᠣᠷᠣᠨ ᠢ ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠶᠢ ᠶᠡᠭᠡ ᠪᠠᠷ ᠬᠡᠷᠡᠭᠵᠢᠭᠦᠯᠵᠦ᠂ ᠱᠠᠩᠬᠠᠢ ᠶᠢᠨ | ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠭᠠᠷᠠᠮ ᠳᠠᠭᠠᠤ ᠰᠢᠨ᠎ᠡ ᠲᠣᠭᠤᠷᠢᠭ ᠤᠨ ᠨᠡᠩ ᠥᠨᠳᠥᠷ ᠲᠦᠪᠰᠢᠨ | ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠬᠡᠷᠡᠭᠲᠡᠢ᠃ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ | ᠴᠣᠭᠴᠠᠵᠢᠭᠰᠠᠨ ᠬᠥᠭᠵᠢᠯᠲᠡ ᠪᠣᠯᠣᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠴᠢᠨᠠᠷ | ᠰᠠᠶᠢᠲᠠᠢ ᠬᠥᠭᠵᠢᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ | ᠳᠠᠪᠠᠭᠤᠯᠢᠭ ᠦᠢᠯᠡᠳᠪᠦᠷᠢᠯᠡᠯ ᠤᠨ ᠴᠢᠳᠠᠪᠤᠷᠢ᠂ ᠰᠢᠯᠢᠳᠡᠭ ᠲᠣᠨᠣᠭᠯᠠᠯ᠂ ᠬᠡᠷᠡᠭᠯᠡᠭᠡᠨ ᠤ ᠮᠡᠷᠭᠡᠵᠢᠯ ᠪᠣᠯᠣᠨ ᠪᠠᠷᠢᠮᠵᠢᠶ᠎ᠠ ᠶᠢᠨ | ︽ᠭᠠᠷᠴᠤ ᠶᠠᠪᠤᠬᠤ︾ ᠶᠢ ᠠᠬᠢᠭᠤᠯᠬᠤ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ | ᠬᠥᠭᠵᠢᠬᠦ ᠶᠢ ᠵᠣᠷᠢᠭᠵᠢᠭᠤᠯᠬᠤ᠂ ᠳᠡᠮᠵᠢᠬᠦ᠂ ᠬᠥᠲᠥᠯᠥᠨ ᠵᠢᠯᠤᠭᠤᠳᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠲᠦᠷᠦᠭᠦᠯᠡᠨ ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ | ᠨᠥᠬᠦᠴᠡᠯ ᠢ ᠤᠯᠠᠮ ᠰᠢᠯᠢᠳᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ᠂ | ᠴᠢᠨᠠᠷ ᠰᠠᠶᠢᠲᠠᠢ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠬᠢᠨ ᠠᠮᠢ ᠠᠬᠤᠢ ᠣᠷᠴᠢᠨ | ᠲᠣᠭᠤᠷᠢᠨ ᠢ ᠬᠠᠮᠲᠤ ᠪᠠᠷ ᠬᠠᠮᠠᠭᠠᠯᠠᠵᠤ ᠬᠤᠯᠪᠤᠭᠠᠯᠠᠨ ᠵᠠᠰᠠᠬᠤ ᠶᠢ ᠴᠢᠩᠭᠠᠳᠬᠠᠬᠤ ᠬᠡᠷᠡᠭᠲᠡᠢ᠃ ᠭᠤᠷᠪᠠᠨ ᠮᠤᠵᠢ ᠨᠢᠭᠡ | ᠬᠤᠳᠠ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠵᠠᠪᠰᠠᠷ ᠦᠭᠡᠢ ᠵᠣᠯᠭᠠᠭᠤᠯᠬᠤ ᠶᠢ ᠴᠢᠩᠭᠠᠳᠬᠠᠵᠤ᠂ | ᠴᠢᠬᠤᠯᠠ ᠠᠮᠢ ᠠᠬᠤᠢ ᠶᠢᠨ ᠬᠠᠯᠬᠠᠪᠴᠢ ᠪᠠ ᠠᠮᠢ ᠠᠬᠤᠢ ᠶᠢᠨ ᠬᠤᠩᠭᠢᠯ ᠢ ᠬᠠᠮᠲᠤ ᠪᠠᠷ ᠬᠠᠮᠠᠭᠠᠯᠠᠬᠤ ᠶᠢ ᠠᠬᠢᠭᠤᠯᠵᠤ᠂ | ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ ᠪᠣᠬᠢᠷᠳᠤᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ | ᠬᠢᠯᠢ ᠠᠯᠤᠰᠯᠠᠭᠰᠠᠨ ᠤᠰᠤᠨ ᠴᠣᠭᠴᠠ ᠶᠢ ᠬᠠᠮᠲᠤ ᠪᠠᠷ ᠬᠠᠮᠠᠭᠠᠯᠠᠵᠤ ᠬᠠᠮᠲᠤᠷᠠᠨ ᠵᠠᠰᠠᠬᠤ ᠶᠢ ᠭᠦᠨᠵᠡᠭᠡᠢ ᠥᠷᠨᠢᠭᠦᠯᠵᠦ᠂ | ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠣᠷᠣᠨ ᠪᠦᠰᠡ ᠶᠢᠨ ᠲᠦᠷᠦ ᠶᠢᠨ ᠪᠣᠳᠣᠯᠭ᠎ᠠ ᠶᠢᠨ ᠬᠠᠮᠵᠢᠯᠴᠠᠭ᠎ᠠ ᠶᠢ | ᠴᠢᠩᠭᠠᠳᠬᠠᠵᠤ᠂ ᠣᠷᠣᠨ ᠪᠦᠰᠡ ᠶᠢᠨ ᠪᠣᠬᠢᠷᠳᠤᠯ ᠦᠭᠡᠢ ᠦᠢᠯᠡᠳᠬᠦ ᠰᠢᠰᠲ᠋ᠧᠮ ᠢ ᠪᠠᠶᠢᠭᠤᠯᠬᠤ ᠬᠡᠷᠡᠭᠲᠡᠢ᠃ ᠠᠷᠢᠭᠤᠨ | ᠴᠡᠪᠡᠷ ᠦᠢᠯᠡᠳᠪᠦᠷᠢᠯᠡᠯ ᠢ ᠪᠦᠭᠦ ᠲᠠᠯ᠎ᠠ ᠪᠠᠷ ᠠᠬᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠪᠣᠯᠣᠨ ᠭᠤᠣᠯᠳᠠᠯᠭ᠎ᠠ ᠲᠠᠢ ᠠᠵᠢᠯ | ᠲᠦᠷᠦᠯ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠢ ᠬᠦᠴᠦᠷᠬᠡᠭᠵᠢᠭᠦᠯᠦᠨ | ᠰᠢᠯᠢᠳᠡᠭᠵᠢᠭᠦᠯᠵᠦ᠂ ᠪᠣᠬᠢᠷᠳᠤᠯ ᠦᠭᠡᠢ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠦᠷᠭᠦᠯᠵᠢᠯᠡᠬᠦ | ᠦᠢᠯᠡᠳᠪᠦᠷᠢᠯᠡᠯ ᠠᠮᠢᠳᠤᠷᠠᠯ ᠤᠨ ᠠᠷᠭ᠎ᠠ ᠭᠡᠯᠪᠡᠷᠢ ᠶᠢ ᠲᠦᠷᠭᠡᠳᠬᠡᠨ ᠪᠦᠷᠢᠯᠳᠦᠭᠦᠯᠬᠦ ᠬᠡᠷᠡᠭᠲᠡᠢ᠃ ᠣᠷᠣᠨ ᠪᠦᠰᠡ ᠠᠯᠤᠰᠯᠠᠨ | ᠪᠣᠬᠢᠷᠳᠤᠯ ᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠳᠦᠷᠢᠮ ᠢ ᠪᠠᠶᠢᠭᠤᠯᠵᠤ᠂ ᠨᠡᠭᠦᠷᠡᠰᠦᠳᠦ᠋ᠷᠦᠭᠴᠢ ᠶᠢᠨ | ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ | ᠯᠠᠪᠳᠠᠭᠤᠨ ᠠᠬᠢᠭᠤᠯᠬᠤ ᠬᠡᠷᠡᠭᠲᠡᠢ᠃ ᠰᠢᠨ᠎ᠡ ᠮᠠᠶ᠋ᠢᠭ ᠤᠨ ᠡᠨᠧᠷᠭᠢ ᠶᠢᠨ ᠰᠢᠰᠲ᠋ᠧᠮ ᠢ ᠲᠥᠯᠥᠪᠵᠢᠭᠦᠯᠦᠨ ᠪᠠᠶᠢᠭᠤᠯᠵᠤ᠂ | ᠮᠤᠵᠢ ᠬᠤᠳᠠ ᠶᠢᠨ ᠬᠤᠭᠤᠷᠣᠨᠳᠣᠭᠢ ᠴᠠᠭᠢᠯᠭᠠᠨ ᠬᠦᠴᠦᠨ ᠤ ᠬᠠᠷᠢᠯᠴᠠᠨ ᠲᠤᠰᠠᠯᠠᠯᠴᠠᠬᠤ ᠶᠢ ᠵᠣᠬᠢᠴᠠᠭᠤᠯᠤᠨ ᠠᠬᠢᠭᠤᠯᠬᠤ | ᠬᠡᠷᠡᠭᠲᠡᠢ᠃ ᠬᠥᠬᠡᠮᠥ᠋ᠷᠡᠨ ᠤ ︽ᠵᠢᠭᠠᠰᠤ ᠠᠩᠨᠠᠬᠤ ᠶᠢ ᠠᠷᠪᠠᠨ ᠵᠢᠯ ᠴᠠᠭᠠᠵᠠᠯᠠᠬᠤ︾ ᠶᠢ ᠦᠷᠭᠦᠯᠵᠢᠯᠡᠨ ᠠᠬᠢᠭᠤᠯᠵᠤ᠂ | ᠬᠤᠯᠪᠤᠭᠠᠯᠠᠨ ᠬᠠᠤᠯᠢ ᠬᠡᠷᠡᠭᠵᠢᠭᠦᠯᠬᠦ ᠶᠢ ᠴᠢᠩᠭᠠᠳᠬᠠᠬᠤ ᠬᠡᠷᠡᠭᠲᠡᠢ᠃ ᠠᠮᠢ ᠠᠬᠤᠢ ᠶᠢᠨ ᠦᠢᠯᠡᠳᠬᠦᠨ ᠤ ᠦᠷᠳᠡᠭ ᠢ | ᠪᠡᠶᠡᠯᠡᠭᠦᠯᠬᠦ ᠲᠣᠭᠲᠠᠴᠠ ᠶᠢ ᠪᠦᠷᠢᠨᠰᠢᠭᠦᠯᠵᠦ᠂ ᠠᠮᠢ ᠠᠬᠤᠢ ᠶᠢᠨ ᠳᠠᠪᠠᠭᠤᠯᠢᠭ ᠢ ᠠᠵᠤ ᠠᠬᠤᠢ ᠶᠢᠨ ᠳᠠᠪᠠᠭᠤᠯᠢᠭ ᠪᠣᠯᠭᠠᠨ | ᠬᠤᠪᠢᠷᠠᠭᠤᠯᠬᠤ ᠠᠷᠭ᠎ᠠ ᠵᠠᠮ ᠢ ᠥᠷᠭᠡᠳᠬᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠬᠢᠨ ᠠᠮᠤᠷ ᠲᠦᠪᠰᠢᠨ ᠢᠶᠠᠷ | ᠬᠥᠭᠵᠢᠭᠦᠯᠬᠦ ᠴᠢᠳᠠᠪᠤᠷᠢ ᠪᠠᠨ ᠬᠦᠴᠦᠯᠡᠨ ᠳᠡᠭᠡᠭᠰᠢᠯᠡᠭᠦᠯᠭᠦ ᠬᠡᠷᠡᠭᠲᠡᠢ᠃ ᠤᠯᠤᠰ ᠤᠨ ᠶᠡᠷᠦᠩᠬᠡᠢ ᠠᠮᠤᠷ ᠲᠦᠪᠰᠢᠨ ᠤ | ᠦᠵᠡᠯᠲᠡ ᠶᠢ ᠲᠤᠭᠤᠰᠢᠯᠠᠭᠤᠯᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠬᠥᠭᠵᠢᠯᠲᠡ ᠪᠠ ᠠᠮᠤᠷ | ᠲᠦᠪᠰᠢᠨ ᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠤᠯᠤᠰ ᠪᠠ ᠣᠷᠣᠨ ᠪᠦᠰᠡ ᠶᠢᠨ ᠠᠮᠤᠷ ᠲᠦᠪᠰᠢᠨ ᠳᠤ | ᠬᠤᠯᠪᠣᠭᠳᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠵᠤ ᠦᠢᠯᠡᠰ᠂ ᠮᠥᠩᠭᠦᠨ ᠭᠦᠢᠯᠭᠡᠭᠡᠨ ᠵᠡᠷᠭᠡ ᠬᠦᠷᠢᠶ᠎ᠡ ᠪᠠ | ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢ ᠨᠢᠭᠲᠠ ᠠᠩᠬᠠᠷᠴᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ | ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠮᠤᠷ ᠲᠦᠪᠰᠢᠨ ᠬᠥᠭᠵᠢᠯᠲᠡ ᠶᠢᠨ ᠰᠠᠭᠤᠷᠢ ᠶᠢ | ᠪᠠᠬᠢᠵᠢᠭᠦᠯᠬᠦ ᠬᠡᠷᠡᠭᠲᠡᠢ᠃ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠠᠵᠤ ᠦᠢᠯᠡᠰ ᠤᠨ ᠰᠢᠰᠲ᠋ᠧᠮ ᠪᠦᠷᠢᠨ ᠲᠡᠭᠦᠯᠳᠡᠷ | ᠪᠠᠶᠢᠬᠤ ᠪᠠ ᠢᠵᠢ ᠪᠦᠷᠢᠳᠦᠭᠦᠯᠬᠦ ᠴᠢᠳᠠᠪᠤᠷᠢ ᠴᠢᠩᠭ᠎ᠠ ᠪᠠᠶᠢᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠤᠯᠤᠰ ᠤᠨ | ᠠᠵᠤ ᠠᠬᠤᠢ ᠠᠮᠢᠳᠤᠷᠠᠯ ᠳᠤ ᠬᠤᠯᠪᠣᠭᠳᠠᠬᠤ ᠴᠢᠬᠤᠯᠠ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠳᠠᠬᠢ ᠬᠡᠯᠬᠢᠶ᠎ᠡ ᠶᠢ | ᠴᠢᠩᠭᠠᠳᠬᠠᠵᠤ ᠬᠡᠯᠬᠢᠶ᠎ᠡ ᠶᠢ ᠨᠥᠬᠦᠪᠦᠷᠢᠯᠡᠬᠦ ᠠᠵᠢᠯᠯᠠᠭ᠎ᠠ ᠶᠢ ᠬᠡᠷᠡᠭᠵᠢᠭᠦᠯᠬᠦ ᠶᠢᠨ ᠬᠠᠮᠲᠤ ᠳᠤᠮᠳᠠ ᠪᠠᠷᠠᠭᠤᠨ ᠣᠷᠣᠨ ᠲᠠᠢ | ᠠᠵᠤ ᠦᠢᠯᠡᠰ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ | ᠬᠠᠷᠢᠮᠠᠬᠠᠢ ᠴᠢᠨᠠᠷ ᠪᠠ ᠠᠮᠤᠷ ᠲᠦᠪᠰᠢᠨ ᠤ ᠲᠦᠪᠰᠢᠨ ᠢ ᠬᠦᠴᠦᠯᠡᠨ ᠳᠡᠭᠡᠭᠰᠢᠯᠡᠭᠦᠯᠭᠦ ᠬᠡᠷᠡᠭᠲᠡᠢ᠃ ᠮᠥᠩᠭᠦᠨ ᠭᠦᠢᠯᠭᠡᠭᠡᠨ ᠤ | ᠬᠦᠷᠢᠶᠡᠨ ᠤ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠬᠢᠯᠢ ᠠᠯᠤᠰᠯᠠᠭᠰᠠᠨ ᠪᠡᠯᠡ | ᠣᠷᠣᠭᠤᠯᠤᠯᠲᠠ ᠪᠡᠯᠡ ᠬᠤᠷᠠᠮᠳᠤᠭᠤᠯᠭ᠎ᠠ ᠶᠢᠨ ᠳᠥᠳᠡᠴᠢᠯᠡᠯᠲᠡ ᠶᠢ ᠳᠡᠭᠡᠭᠰᠢᠯᠡᠭᠦᠯᠵᠦ᠂ ᠪᠦᠭᠦ ᠶᠠᠪᠤᠴᠠ ᠶᠢᠨ ᠠᠶᠤᠯ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠤᠯᠤᠰ ᠤᠨ ᠮᠥᠩᠭᠦᠨ ᠭᠦᠢᠯᠭᠡᠭᠡᠨ ᠤ ᠠᠮᠤᠷ ᠲᠦᠪᠰᠢᠨ ᠢ | ᠨᠡᠩ ᠰᠠᠶᠢᠲᠤᠷ ᠬᠠᠮᠠᠭᠠᠯᠠᠬᠤ ᠬᠡᠷᠡᠭᠲᠡᠢ᠃ ᠭᠠᠳᠠᠭᠠᠳᠤ ᠯᠤᠭ᠎ᠠ ᠶᠢᠨ ᠬᠠᠮᠲᠤᠷᠠᠯᠴᠠᠭᠠᠨ ᠤ ᠠᠮᠤᠷ ᠲᠦᠪᠰᠢᠨ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠠᠵᠤ ᠦᠢᠯᠡᠰ ᠤᠨ ᠬᠡᠯᠬᠢᠶ᠎ᠡ ᠶᠢᠨ ᠵᠦᠢ ᠵᠣᠬᠢᠰᠲᠠᠢ ᠡᠮᠬᠢ ᠳᠢᠭᠯᠢᠮ ᠲᠠᠢ ᠬᠢᠯᠢ | ᠠᠯᠤᠰᠯᠠᠭᠰᠠᠨ ᠪᠠᠶᠢᠷᠢᠰᠢᠭᠤᠯᠤᠯᠲᠠ ᠶᠢ ᠬᠥᠲᠥᠯᠥᠨ ᠳᠠᠭᠠᠭᠤᠯᠬᠤ ᠬᠡᠷᠡᠭᠲᠡᠢ᠃ ᠠᠷᠠᠳ ᠲᠦᠮᠡᠨ ᠤ ᠬᠤᠳᠠ ᠪᠠᠨ ᠠᠷᠠᠳ | ᠲᠦᠮᠡᠨ ᠪᠠᠶᠢᠭᠤᠯᠬᠤ ᠶᠢ ᠪᠠᠷᠢᠮᠲᠠᠯᠠᠵᠤ᠂ ᠬᠤᠳᠠ ᠶᠢᠨ ᠣᠳᠣᠬᠢᠴᠢᠯᠠᠭᠰᠠᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ | ᠬᠠᠷᠢᠮᠠᠬᠠᠢ ᠬᠤᠳᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠳᠠ ᠶᠢᠨ ᠠᠮᠤᠷ ᠲᠦᠪᠰᠢᠨ ᠤ | ᠤᠷᠢᠳᠴᠢᠯᠠᠨ ᠰᠡᠷᠭᠡᠶᠢᠯᠡᠬᠦ ᠰᠢᠰᠲ᠋ᠧᠮ ᠢ ᠪᠦᠷᠢᠨᠰᠢᠭᠦᠯᠵᠦ᠂ ᠬᠤᠳᠠ ᠶᠢᠨ ᠦᠨᠳᠦᠰᠦᠨ ᠠᠵᠢᠯᠯᠠᠭᠠᠨ ᠤ ᠪᠠᠲᠤᠯᠠᠭ᠎ᠠ ᠶᠢᠨ | ᠰᠢᠰᠲ᠋ᠧᠮ ᠢ ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ | ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠭᠦᠨᠵᠡᠭᠡᠢ | ᠠᠬᠢᠭᠤᠯᠬᠤ ᠳᠤ ᠡᠷᠬᠡᠪᠰᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠬᠡᠷᠡᠭᠲᠡᠢ᠃ | ᠲᠥᠪ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠢ | ᠲᠥᠯᠥᠪᠵᠢᠭᠦᠯᠦᠨ ᠵᠣᠬᠢᠴᠠᠭᠤᠯᠬᠤ ᠡᠭᠦᠷᠭᠡ ᠴᠢᠳᠠᠪᠬᠢ ᠶᠢ ᠭᠦᠢᠴᠡᠳ ᠪᠠᠳᠠᠷᠠᠭᠤᠯᠵᠤ᠂ ᠲᠥᠯᠦᠪᠵᠢᠭᠦᠯᠭᠡ ᠶᠢᠨ | ᠬᠥᠲᠥᠯᠪᠦᠷᠢ ᠶᠢᠨ ᠪᠠᠶᠢᠯᠳᠤᠬᠤ ᠪᠣᠳᠣᠯᠭ᠎ᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠷᠢᠮᠲᠠᠯᠠᠬᠤ ᠬᠡᠷᠡᠭᠲᠡᠢ᠃ ᠭᠤᠷᠪᠠᠨ | ᠮᠤᠵᠢ ᠨᠢᠭᠡ ᠬᠤᠳᠠ ᠶᠢᠨ ᠬᠢᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ | ᠬᠢᠨᠠᠮᠠᠭᠠᠢ ᠲᠤᠭᠤᠰᠢᠯᠠᠭᠤᠯᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠ ᠪᠠᠶᠢᠴᠠᠭᠠᠨ ᠰᠤᠳᠤᠯᠤᠯᠲᠠ ᠬᠢᠬᠦ ᠪᠠᠨ | ᠴᠢᠩᠭᠠᠳᠬᠠᠵᠤ᠂ ᠵᠣᠬᠢᠴᠠᠭᠤᠯᠤᠨ ᠬᠠᠮᠲᠤ ᠪᠠᠷ ᠵᠥᠪᠳᠡᠯᠴᠡᠬᠦ ᠪᠠ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ | ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠴᠢᠬᠤᠯᠠ ᠶᠡᠭᠡ ᠥᠭᠡᠷᠡᠴᠢᠯᠡᠯᠲᠡ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ | ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ | ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠺᠠᠳ᠋ᠷ ᠤᠨ ᠵᠣᠷᠢᠭᠲᠠᠢ ᠪᠠᠷ ᠵᠠᠮ ᠨᠡᠭᠡᠭᠡᠨ᠂ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠬᠡᠷᠡᠭᠲᠡᠢ᠃ ᠬᠤᠶᠠᠳᠤᠭᠠᠷ ᠪᠦᠯᠦᠭ ᠤᠨ ᠭᠤᠣᠯ | ᠰᠡᠳᠦᠪᠲᠦ ᠬᠥᠮᠦᠵᠢᠯ ᠢ ᠪᠣᠳᠠᠲᠠᠢ ᠠᠳᠬᠤᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ | ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ | ᠴᠣᠭᠴᠠᠵᠢᠭᠤᠯᠤᠨ ᠠᠬᠢᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ | ᠦᠢᠯᠡᠳᠦᠯ ᠴᠢᠳᠠᠪᠤᠷᠢ ᠪᠣᠯᠣᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠴᠢᠳᠠᠪᠤᠷᠢ ᠶᠢ ᠴᠢᠩᠭᠠᠳᠬᠠᠵᠤ᠂ ᠴᠢᠩᠭ᠎ᠠ | ᠰᠠᠬᠢᠯᠭ᠎ᠠ ᠪᠠᠲᠤ᠂ ᠪᠣᠳᠠᠲᠠᠢ ᠪᠠᠶᠢᠬᠤ ᠬᠡᠪ ᠰᠤᠷᠲᠠᠯ᠂ ᠠᠷᠢᠭᠤᠨ ᠴᠢᠬᠡᠴᠢ ᠶᠢᠨ ᠪᠠᠷᠢᠮᠲᠠᠯᠠᠯ ᠢᠶᠠᠷ ᠡᠯ᠎ᠡ ᠵᠦᠢᠯ ᠤᠨ ᠠᠵᠢᠯ ᠢ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠯᠢ ᠴᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠬᠡᠮᠥ᠋ᠷᠡᠨ ᠤ | ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ | ᠲᠠᠯᠪᠢᠵᠤ ᠪᠠᠶᠢᠷᠢ ᠲᠣᠭᠲᠠᠭᠠᠯᠲᠠ ᠬᠢᠵᠦ ᠪᠣᠳᠣᠯᠬᠢᠯᠠᠨ᠂ ᠪᠦᠭᠦ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ | ᠳᠠᠭᠠᠭᠤᠯᠵᠤ ᠳᠠᠶᠢᠴᠢᠯᠠᠬᠤ ᠳᠡᠭᠡᠷ᠎ᠡ ᠲᠠᠯᠪᠢᠵᠤ ᠪᠠᠶᠢᠷᠢᠯᠠᠭᠤᠯᠤᠨ ᠲᠥᠯᠥᠪᠵᠢᠭᠦᠯᠵᠦ᠂ ᠠᠵᠤ ᠠᠬᠤᠢ ᠶᠢᠨ ᠥᠰᠦᠯᠲᠡ ᠶᠢᠨ | ᠲᠦᠢᠯ᠂ ᠬᠥᠳᠡᠯᠭᠡᠬᠦ ᠬᠦᠴᠦᠨ ᠤ ᠡᠬᠢ᠂ ᠥᠭᠡᠷᠡᠴᠢᠯᠡᠯᠲᠡ ᠶᠢᠨ ᠲᠤᠷᠰᠢᠯᠲᠠ ᠶᠢᠨ ᠲᠠᠷᠢᠶ᠎ᠠ ᠶᠢᠨ ᠦᠢᠯᠡᠳᠦᠯ ᠢ ᠰᠠᠶᠢᠲᠤᠷ | ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠨᠡᠩ ᠰᠠᠶᠢᠲᠤᠷ ᠲᠤᠯᠭᠠᠭᠤᠷᠢᠯᠠᠬᠤ ᠪᠠ | ᠦᠢᠯᠡᠴᠢᠯᠡᠬᠦ ᠬᠡᠷᠡᠭᠲᠡᠢ᠃ ᠠᠵᠤ ᠠᠬᠤᠢ ᠶᠢᠨ ᠡᠷᠭᠢᠯᠲᠡ ᠶᠢ ᠤᠯᠠᠮ ᠰᠢᠯᠤᠭᠤᠳᠬᠠᠵᠤ᠂ ᠡᠬᠢ ᠪᠠᠶᠠᠯᠢᠭ ᠤᠨ ᠡᠯᠧᠮᠧᠨ᠋ᠲ ᠢ | ᠵᠦᠢ ᠵᠣᠬᠢᠰᠲᠠᠢ ᠰᠢᠯᠵᠢᠭᠦᠯᠬᠦ ᠪᠠ ᠥᠨᠳᠥᠷ ᠪᠦᠲᠦᠮᠵᠢᠲᠡᠢ ᠵᠣᠬᠢᠴᠠᠭᠤᠯᠬᠤ ᠶᠢ ᠪᠡᠶᠡᠯᠡᠭᠦᠯᠵᠦ᠂ ᠪᠦᠭᠦ ᠤᠯᠤᠰ ᠤᠨ | ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠠᠬᠢᠭᠤᠯᠵᠤ᠂ ᠠᠵᠤ ᠦᠢᠯᠡᠰ ᠪᠠ ᠠᠵᠤ ᠠᠬᠤᠢ ᠶᠢᠨ ᠵᠦᠢ | ᠵᠣᠬᠢᠰᠲᠠᠢ ᠪᠠᠶᠢᠷᠢᠯᠠᠭᠤᠯᠤᠯᠲᠠ ᠶᠢ ᠬᠥᠲᠥᠯᠥᠨ ᠵᠢᠯᠤᠭᠤᠳᠬᠤ ᠬᠡᠷᠡᠭᠲᠡᠢ᠃ ᠥᠨᠳᠥᠷ ᠪᠠᠷᠢᠮᠵᠢᠶᠠᠲᠤ ᠤᠯᠠᠨ ᠤᠯᠤᠰ ᠤᠨ | ᠠᠵᠤ ᠠᠬᠤᠢ ᠠᠷᠠᠯᠵᠢᠶᠠᠨ ᠤ ᠳᠦᠷᠢᠮ ᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠳᠦᠷᠢᠮ ᠤᠨ ᠭᠡᠯᠪᠡᠷᠢ ᠶᠢᠨ | ᠨᠡᠭᠡᠭᠡᠯᠲᠡ ᠶᠢ ᠥᠷᠭᠡᠳᠬᠡᠨ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢᠨ ᠬᠠᠭᠠᠯᠭ᠎ᠠ ᠶᠢ ᠴᠣᠭᠴᠠᠯᠠᠵᠤ᠂ | ᠤᠯᠠᠨ ᠤᠯᠤᠰ ᠤᠨ ᠲᠠᠸᠠᠷ ᠪᠣᠯᠣᠨ ᠡᠬᠢ ᠪᠠᠶᠠᠯᠢᠭ ᠤᠨ ᠡᠯᠧᠮᠧᠨ᠋ᠲ ᠲᠠᠬᠢ ᠲᠠᠲᠠᠬᠤ ᠬᠦᠴᠦᠨ ᠢᠶᠠᠨ ᠴᠢᠩᠭᠠᠳᠬᠠᠬᠤ ᠬᠡᠷᠡᠭᠲᠡᠢ | ᠃ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠣᠨᠴᠠᠯᠢᠭ ᠢᠶᠠᠨ ᠢᠯᠡᠷᠡᠭᠦᠯᠵᠦ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ | ᠂ ᠬᠠᠷᠢᠯᠴᠠᠨ ᠬᠦᠴᠦᠨ ᠴᠢᠳᠠᠯ ᠣᠯᠭᠤᠵᠤ᠂ ᠡᠯ᠎ᠡ ᠭᠠᠵᠠᠷ ᠤᠨ ᠲᠤᠰ ᠪᠡᠶ᠎ᠡ ᠶᠢᠨ ᠳᠠᠪᠠᠭᠤᠯᠢᠭ ᠢᠶᠠᠨ ᠣᠷᠣᠨ ᠪᠦᠰᠡ ᠶᠢᠨ | ᠳᠠᠪᠠᠭᠤᠯᠢᠭ ᠪᠣᠯᠭᠠᠨ ᠬᠤᠪᠢᠷᠠᠭᠤᠯᠵᠤ᠂ ᠳᠠᠪᠠᠭᠤᠯᠢᠭ ᠲᠠᠯ᠎ᠠ ᠪᠠᠨ ᠬᠠᠮᠲᠤ ᠪᠠᠷ ᠪᠠᠳᠠᠷᠠᠭᠤᠯᠵᠤ ᠣᠷᠣᠨ ᠪᠦᠰᠡ ᠶᠢᠨ | ᠬᠥᠭᠵᠢᠯᠲᠡ ᠶᠢᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠢᠯᠡᠳᠬᠡᠪᠡ᠃ | ᠯᠢ ᠭᠠᠨ ᠵᠢᠶᠧ᠂ ᠾᠧ ᠯᠢ ᠹᠧᠩ᠂ ᠦ᠋ ᠵᠧᠩ ᠯᠦᠩ᠂ ᠮᠦ ᠬᠤᠩ᠂ ᠵᠢᠶᠠᠩ ᠰᠢᠨ ᡁᠢ ᠶᠠᠷᠢᠯᠴᠠᠬᠤ ᠬᠤᠷᠠᠯ ᠳᠤ | ᠣᠷᠣᠯᠴᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ | ᠪᠦᠬᠦᠢ ᠭᠠᠵᠠᠷ ᠣᠷᠣᠨ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠶᠠᠷᠢᠯᠴᠠᠬᠤ | ᠬᠤᠷᠠᠯ ᠳᠤ ᠣᠷᠣᠯᠴᠠᠪᠠ᠃ |