| ᠰᠢᠨᠬᠤᠸᠠ ᠬᠤᠷᠢᠶ᠎ᠠ ᠶᠢᠨ ᠱᠠᠩᠬᠠᠢ \ ᠵᠢᠶᠠᠩᠰᠤ ᠶᠢᠨ ᠶᠠᠨᠴᠧᠩ ᠤᠨ 12 ᠰᠠᠷ᠎ᠠ ᠶᠢᠨ 3 ᠤ ᠴᠠᠭᠢᠯᠭᠠᠨ ᠮᠡᠳᠡᠭᠡ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ ᠱᠠᠩᠬᠠᠢ ᠳᠤ ᠰᠢᠨᠵᠢᠯᠡᠨ ᠪᠠᠶᠢᠴᠠᠭᠠᠬᠤ ᠳᠠᠭᠠᠨ᠂ | ᠱᠠᠩᠬᠠᠢ ᠶᠢᠨ ᠬᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠤᠨᠤᠪᠴᠢᠳᠠᠢ᠂ ᠪᠦᠭᠦ | ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠬᠤ ᠶᠢᠨ ᠲᠣᠭᠤᠷᠢᠨ ᠳᠤ᠂ ᠤᠯᠠᠨ ᠤᠯᠤᠰ ᠤᠨ ᠠᠵᠤ ᠠᠬᠤᠢ ᠶᠢᠨ ᠲᠥᠪ᠂ ᠮᠥᠩᠭᠦᠨ ᠭᠦᠢᠯᠭᠡᠭᠡᠨ ᠤ ᠲᠥᠪ᠂ | ᠠᠷᠠᠯᠵᠢᠶᠠᠨ ᠤ ᠲᠥᠪ᠂ ᠠᠭᠠᠷ ᠤᠨ ᠲᠡᠭᠡᠭᠡᠪᠦᠷᠢ ᠶᠢᠨ ᠲᠥᠪ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠲᠥᠪ ᠢ ᠪᠦᠲᠦᠭᠡᠨ ᠪᠠᠶᠢᠭᠤᠯᠬᠤ ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠢᠯᠣᠭᠤᠳᠤᠮᠵᠢ ᠪᠤᠯᠭᠠᠵᠤ᠂ ᠥᠭᠡᠷᠡᠴᠢᠯᠡᠯᠲᠡ ᠨᠡᠭᠡᠭᠡᠯᠲᠡ ᠪᠠᠷ ᠬᠥᠳᠡᠯᠭᠡᠬᠦ | ᠬᠦᠴᠦᠨ ᠪᠤᠯᠭᠠᠵᠤ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠᠷ ᠤᠳᠤᠷᠢᠳᠤᠮᠵᠢ ᠪᠤᠯᠭᠠᠵᠤ᠂ ᠬᠤᠳᠠ ᠶᠢᠨ | ᠵᠠᠰᠠᠯᠲᠠ ᠶᠢᠨ ᠣᠳᠣᠬᠢᠴᠢᠯᠠᠯᠲᠠ ᠪᠠᠷ ᠪᠠᠲᠤᠯᠠᠭ᠎ᠠ ᠪᠤᠯᠭᠠᠵᠤ᠂ ᠵᠣᠷᠢᠭᠲᠠᠢ ᠪᠠᠷ ᠵᠠᠮ ᠨᠡᠭᠡᠭᠡᠨ ᠢᠳᠡᠪᠬᠢᠲᠡᠢ ᠪᠠᠷ ᠵᠢᠳᠬᠦᠯ | ᠴᠢᠷᠮᠠᠶᠢᠯᠭ᠎ᠠ ᠭᠠᠷᠭᠠᠵᠤ᠂ ᠳᠡᠯᠡᠬᠡᠢ ᠶᠢᠨ ᠨᠥᠯᠥᠭᠡᠯᠡᠬᠦ ᠬᠦᠴᠦᠨ ᠪᠦᠬᠦᠢ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠠᠨ | ᠤᠯᠤᠰ ᠤᠨ ᠲᠣᠮᠣ ᠬᠤᠳᠠ ᠶᠢ ᠲᠦᠷᠭᠡᠳᠬᠡᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠳᠤᠮᠳᠠ ᠳᠠᠭᠠᠭᠤᠯᠤᠨ ᠳᠠᠶᠢᠴᠢᠯᠠᠬᠤ ᠪᠠ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠭᠦᠢᠴᠡᠳ | ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | 11 ᠰᠠᠷ᠎ᠠ ᠶᠢᠨ 28 ᠠᠴᠠ 12 ᠰᠠᠷ᠎ᠠ ᠶᠢᠨ 2 ᠤᠨ ᠡᠳᠦᠷ ᠪᠤᠯᠲᠠᠯ᠎ᠠ᠂ ᠰᠢ ᠶᠢᠨ ᠫᠢᠩ ᠨᠠᠮ ᠤᠨ ᠲᠥᠪ | ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠭᠡᠰᠢᠭᠦᠨ᠂ ᠱᠠᠩᠬᠠᠢ ᠬᠤᠲᠠ ᠶᠢᠨ ᠨᠠᠮ ᠤᠨ ᠬᠤᠷᠢᠶ᠎ᠠ ᠶᠢᠨ ᠱᠦᠵᠢ | ᠴᠧᠨ ᠵᠢᠢ ᠨᠢᠩ ᠪᠣᠯᠣᠨ ᠬᠤᠲᠠ ᠶᠢᠨ ᠳᠠᠷᠤᠭ᠎ᠠ ᠭᠦᠩ ᠵᠧᠩ ᠤᠨ ᠪᠠᠷ᠎ᠠ ᠪᠤᠯᠣᠯᠭ᠎ᠠ ᠲᠠᠢ ᠪᠠᠷ ᠤᠷᠢᠳ ᠬᠤᠵᠢᠳ ᠮᠥᠩᠭᠦᠨ | ᠭᠦᠢᠯᠭᠡᠭᠡᠨ ᠤ ᠪᠠᠶᠢᠭᠤᠯᠤᠮᠵᠢ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠲᠣᠭᠤᠷᠢᠭ᠂ | ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠵᠡᠷᠭᠡ ᠶᠢ ᠪᠠᠶᠢᠴᠠᠭᠠᠨ ᠰᠤᠳᠤᠯᠪᠠ᠃ | 28 ᠤ ᠦᠳᠡ ᠶᠢᠨ ᠬᠤᠶᠢᠨ᠎ᠠ᠂ ᠰᠢ ᠶᠢᠨ ᠫᠢᠩ ᠭᠠᠯᠲᠤ ᠲᠡᠷᠭᠡᠨ ᠠᠴᠠ ᠪᠠᠭᠤᠮᠠᠭᠴᠠ ᠱᠠᠩᠬᠠᠢ ᠶᠢᠨ ᠬᠤᠭᠤᠴᠠᠭᠠᠲᠤ | ᠪᠠᠷᠠᠭᠠᠨ ᠤ ᠠᠷᠠᠯᠵᠢᠶᠠᠨ ᠤ ᠭᠠᠵᠠᠷ ᠲᠤ ᠬᠦᠷᠴᠦ ᠰᠢᠨᠵᠢᠯᠡᠨ ᠪᠠᠶᠢᠴᠠᠭᠠᠪᠠ᠃ | ᠲᠡᠷᠡ ᠡᠯᠧᠺᠳ᠋ᠷᠣᠨ ᠳᠡᠯᠭᠡᠴᠡ ᠪᠠ ᠵᠠᠬ᠎ᠠ ᠳᠡᠯᠭᠡᠭᠦᠷ ᠲᠤ ᠭᠠᠷᠭᠠᠭᠰᠠᠨ ᠴᠢᠬᠤᠯᠠ ᠲᠥᠷᠥᠯ ᠵᠦᠢᠯ ᠤᠨ ᠰᠢᠯᠵᠢᠭᠦᠯᠦᠨ | ᠲᠤᠰᠢᠶᠠᠬᠤ ᠡᠳ᠋ ᠤᠨ ᠦᠵᠡᠭᠦᠯᠭᠡ ᠲᠠᠢ ᠤᠶᠠᠯᠳᠤᠭᠤᠯᠤᠨ᠂ ᠠᠷᠠᠯᠵᠢᠶᠠᠨ ᠤ ᠭᠠᠵᠠᠷ ᠤᠨ ᠪᠦᠭᠦ ᠪᠥᠮᠪᠥᠷᠴᠡᠭ ᠤᠨ ᠡᠬᠢ | ᠪᠠᠶᠠᠯᠢᠭ ᠤᠨ ᠲᠣᠬᠢᠷᠠᠭᠤᠯᠤᠯᠲᠠ ᠶᠢᠨ ᠴᠢᠳᠠᠪᠤᠷᠢ ᠶᠢ ᠴᠢᠩᠭᠠᠳᠬᠠᠭᠰᠠᠨ᠂ ᠪᠣᠳᠠᠲᠤ ᠴᠣᠭᠴᠠ ᠶᠢᠨ ᠠᠵᠤ ᠠᠬᠤᠢ ᠪᠠ | ᠤᠯᠤᠰ ᠤᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠭᠰᠡᠨ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ | ᠠᠷᠠᠯᠵᠢᠶᠠᠨ ᠤ ᠭᠠᠵᠠᠷ ᠤᠨ ᠡᠳᠦᠷ ᠲᠤᠲᠤᠮ ᠤᠨ ᠪᠡᠯᠡ ᠮᠥᠩᠭᠦ ᠶᠢᠨ ᠬᠠᠮᠢᠶᠠᠷᠤᠯᠲᠠ ᠪᠠ ᠰᠢᠯᠵᠢᠭᠦᠯᠦᠨ ᠲᠤᠰᠢᠶᠠᠵᠤ | ᠲᠡᠰᠦᠯᠦᠨ ᠪᠤᠳᠤᠬᠤ ᠵᠡᠷᠭᠡ ᠵᠦᠢᠯᠡᠰ ᠢ ᠣᠶᠢᠯᠠᠭᠠᠪᠠ᠃ ᠰᠢ ᠶᠢᠨ ᠫᠢᠩ᠂ ᠱᠠᠩᠬᠠᠢ ᠶᠢᠨ ᠤᠯᠠᠨ ᠤᠯᠤᠰ ᠤᠨ ᠮᠥᠩᠭᠦᠨ | ᠭᠦᠢᠯᠭᠡᠭᠡᠨ ᠤ ᠲᠥᠪ ᠢ ᠪᠦᠲᠦᠭᠡᠨ ᠪᠠᠶᠢᠭᠤᠯᠬᠤ ᠬᠠᠷᠠᠯᠲᠠ ᠵᠥᠪ ᠣᠨᠣᠪᠴᠢᠲᠠᠢ᠂ ᠠᠯᠬᠤᠭ᠎ᠠ ᠯᠠᠪᠳᠠᠭᠤᠨ᠂ ᠠᠯᠤᠰ | ᠢᠷᠡᠭᠡᠳᠦᠢ ᠭᠡᠭᠡᠨ ᠰᠠᠷᠠᠭᠤᠯ ᠪᠠᠶᠢᠨ᠎ᠠ᠂ ᠱᠠᠩᠬᠠᠢ ᠶᠢᠨ ᠬᠤᠭᠤᠴᠠᠭᠠᠲᠤ ᠪᠠᠷᠠᠭᠠᠨ ᠤ ᠠᠷᠠᠯᠵᠢᠶᠠᠨ ᠤ ᠭᠠᠵᠠᠷ ᠤᠨ ᠬᠢᠨ | ᠳᠡᠯᠡᠬᠡᠢ ᠶᠢᠨ ᠲᠡᠷᠢᠭᠦᠨ ᠵᠡᠷᠭᠡ ᠶᠢᠨ ᠠᠷᠠᠯᠵᠢᠶᠠᠨ ᠤ ᠭᠠᠵᠠᠷ ᠢ ᠲᠦᠷᠭᠡᠳᠬᠡᠨ ᠪᠦᠲᠦᠭᠡᠨ ᠪᠠᠶᠢᠭᠤᠯᠵᠤ᠂ ᠳᠤᠮᠳᠠᠳᠤ | ᠤᠯᠤᠰ ᠤᠨ ᠣᠨᠴᠠᠯᠢᠭ ᠲᠠᠢ ᠬᠤᠭᠤᠴᠠᠭᠠᠲᠤ ᠪᠠᠷᠠᠭᠠᠨ ᠤ ᠬᠢᠨᠠᠯᠲᠠ ᠬᠠᠮᠢᠶᠠᠷᠤᠯᠲᠠ ᠶᠢᠨ ᠳᠦᠷᠢᠮ ᠪᠣᠯᠣᠨ ᠲᠤᠬᠠᠶᠢᠯᠠᠭᠰᠠᠨ | ᠠᠵᠢᠯ ᠤᠨ ᠵᠠᠭᠪᠤᠷ ᠢ ᠬᠠᠶᠢᠨ ᠰᠦᠪᠡᠭᠴᠢᠯᠡᠵᠦ᠂ ᠤᠯᠠᠨ ᠤᠯᠤᠰ ᠤᠨ ᠮᠥᠩᠭᠦᠨ ᠭᠦᠢᠯᠭᠡᠭᠡᠨ ᠤ ᠲᠥᠪ ᠢ ᠪᠦᠲᠦᠭᠡᠨ | ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ ᠳᠠᠷᠠᠭ᠎ᠠ ᠨᠢ ᠮᠠᠰᠢᠨ ᠲᠡᠷᠭᠡᠨ ᠳᠤ ᠰᠠᠭᠤᠵᠤ ᠫᠦᠳᠦᠩ ᠰᠢᠨ᠎ᠡ ᠲᠣᠭᠤᠷᠢᠭ ᠤᠨ ᠵᠠᠩ ᠵᠢᠶᠠᠩ ᠰᠢᠨᠵᠢᠯᠡᠬᠦ | ᠤᠬᠠᠭᠠᠨ ᠤ ᠬᠤᠳᠠ ᠳᠤ ᠬᠦᠷᠴᠦ᠂ ᠱᠠᠩᠬᠠᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ | ᠦᠷ᠎ᠡ ᠪᠦᠲᠦᠭᠡᠯ ᠤᠨ ᠦᠵᠡᠭᠦᠯᠭᠡ ᠶᠢ ᠲᠣᠭᠤᠷᠢᠨ ᠦᠵᠡᠪᠡ᠃ ᠲᠡᠷᠡ ᠸᠢᠳᠢᠤ᠋ ᠣᠬᠤᠷ ᠹᠢᠯᠢᠮ ᠲᠠᠢ ᠤᠶᠠᠯᠳᠤᠭᠤᠯᠤᠨ | ᠱᠠᠩᠬᠠᠢ ᠬᠤᠳᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠦᠬᠦᠯᠢ ᠴᠣᠭᠴᠠ ᠶᠢᠨ ᠪᠠᠶᠢᠳᠠᠯ ᠢ | ᠣᠶᠢᠯᠠᠭᠠᠵᠤ᠂ ᠦᠵᠡᠭᠦᠯᠭᠡ ᠶᠢᠨ ᠲᠢᠩᠬᠢᠮ ᠳᠤ ᠬᠦᠷᠴᠦ ᠰᠠᠭᠤᠷᠢ ᠰᠤᠳᠤᠯᠭᠠᠨ᠂ ᠵᠣᠬᠢᠶᠠᠮᠠᠯ ᠤᠶᠤᠨ ᠴᠢᠳᠠᠪᠤᠷᠢ᠂ ᠠᠮᠢᠳᠤ | ᠪᠣᠳᠠᠰ ᠤᠨ ᠡᠮ ᠡᠮᠨᠡᠯᠭᠡ ᠵᠡᠷᠭᠡ ᠬᠦᠷᠢᠶᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ | ᠪᠦᠲᠦᠭᠡᠯ ᠤᠨ ᠦᠵᠡᠭᠦᠯᠭᠡ ᠶᠢ ᠨᠠᠷᠢᠨ ᠪᠠᠶᠢᠴᠠᠭᠠᠨ ᠦᠵᠡᠬᠦ ᠶᠢᠨ ᠬᠠᠮᠲᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠠᠵᠢᠯᠲᠠᠳ ᠤᠨ ᠲᠥᠯᠥᠭᠡᠯᠡᠭᠴᠢᠳ ᠲᠠᠢ ᠳᠣᠲᠣᠨᠣ ᠪᠠᠷ ᠶᠠᠷᠢᠯᠴᠠᠪᠠ᠃ ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠤᠷᠭᠠᠨ ᠬᠥᠮᠦᠵᠢᠯ᠂ ᠴᠢᠳᠠᠪᠤᠷᠢᠲᠠᠨ ᠤ | ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠠᠴᠠ ᠰᠠᠯᠵᠤ ᠴᠢᠳᠠᠬᠤ ᠦᠭᠡᠢ ᠶᠤᠮ᠂ ᠱᠠᠩᠬᠠᠢ ᠶᠢᠨ ᠬᠢᠨ ᠡᠨᠡ ᠲᠠᠯ᠎ᠠ ᠪᠠᠷ | ᠰᠠᠶᠢᠨ ᠳᠠᠭᠠᠭᠤᠯᠤᠭᠴᠢ ᠪᠣᠯᠵᠤ᠂ ᠪᠦᠭᠦ ᠪᠥᠮᠪᠥᠷᠴᠡᠭ ᠲᠤ ᠨᠥᠯᠥᠭᠡᠯᠡᠬᠦ ᠬᠦᠴᠦᠨ ᠪᠦᠬᠦᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠤᠯᠬᠤ ᠲᠡᠶᠢᠰᠢ ᠲᠦᠷᠭᠡᠨ ᠤᠷᠤᠭᠰᠢᠯᠠᠬᠤ ᠬᠡᠷᠡᠭᠲᠡᠢ᠃ ᠬᠡᠬᠦᠳᠡᠭ | ᠴᠡᠭᠡᠵᠢᠨ ᠳᠡᠭᠡᠨ ᠡᠭᠦᠷᠭᠡᠲᠦ ᠪᠤᠳᠤᠯ ᠡᠪᠦᠷᠯᠡᠭᠰᠡᠨ ᠦᠯᠡᠮᠵᠢ ᠤᠯᠠᠨ ᠬᠤᠰᠢᠭᠤᠴᠢ ᠴᠢᠳᠠᠪᠤᠷᠢᠲᠠᠨ ᠢ ᠬᠦᠴᠦᠯᠡᠨ | ᠬᠥᠮᠥᠵᠢᠭᠦᠯᠵᠦ᠂ ᠲᠡᠳᠡᠨ ᠤ ᠤᠶᠤᠨ ᠤᠬᠠᠭᠠᠨ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠳᠤ ᠰᠠᠶᠢᠨ ᠰᠠᠶᠢᠬᠠᠨ ᠨᠥᠬᠦᠴᠡᠯ | ᠪᠦᠷᠢᠯᠳᠦᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠣᠶᠢᠷ᠎ᠠ ᠶᠢᠨ ᠵᠢᠯ ᠳᠤ᠂ ᠱᠠᠩᠬᠠᠢ ᠬᠤᠲᠠ ᠶᠢᠨ ᠬᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ | ᠪᠦᠲᠦᠭᠡᠨ ᠪᠠᠶᠢᠭᠤᠯᠤᠯᠲᠠ ᠪᠠᠨ ᠲᠦᠷᠭᠡᠳᠬᠡᠵᠦ᠂ ᠮᠠᠰᠢ ᠤᠯᠠᠨ ᠱᠠᠩᠬᠠᠢ ᠶᠢᠨ ᠰᠢᠨ᠎ᠡ ᠬᠤᠲᠠ ᠶᠢᠨ ᠠᠷᠠᠳ᠂ ᠵᠠᠯᠠᠭᠤᠴᠤᠳ | ᠪᠣᠯᠣᠨ ᠨᠢᠭᠡᠳᠦᠭᠡᠷ ᠹᠷᠣᠨᠲ ᠲᠤ ᠬᠦᠴᠦ ᠶᠠᠪᠤᠭᠴᠢ ᠳᠤ ᠣᠷᠣᠨ ᠰᠠᠭᠤᠴᠠ ᠶᠢᠨ ᠪᠠᠲᠤᠯᠠᠭ᠎ᠠ ᠬᠠᠩᠭᠠᠵᠠᠢ᠃ 29 ᠤ | ᠦᠳᠡ ᠶᠢᠨ ᠬᠤᠶᠢᠨ᠎ᠠ᠂ ᠰᠢ ᠶᠢᠨ ᠫᠢᠩ ᠮᠢᠨ ᠬᠠᠩ ᠲᠣᠭᠤᠷᠢᠭ ᠤᠨ ᠰᠢᠨ᠎ᠡ ᠴᠠᠭ ᠦᠶ᠎ᠡ ᠶᠢᠨ ᠬᠤᠲᠠ ᠶᠢᠨ ᠪᠦᠲᠦᠭᠡᠨ | ᠪᠠᠶᠢᠭᠤᠯᠤᠭᠴᠢ ᠬᠠᠮᠢᠶᠠᠷᠤᠭᠴᠢ ᠶᠢᠨ ᠭᠡᠷ ᠣᠷᠣᠨ ᠳᠤ ᠬᠦᠷᠴᠦ ᠰᠢᠨᠵᠢᠯᠡᠨ ᠪᠠᠶᠢᠴᠠᠭᠠᠪᠠ᠃ ᠲᠤᠬᠠᠢ ᠶᠢᠨ ᠭᠠᠵᠠᠷ ᠤᠨ | ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠪᠡᠯᠡᠳᠬᠡᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ | ︽ᠨᠢᠭᠡ ᠣᠷᠣ᠂ ᠨᠢᠭᠡ ᠲᠠᠰᠤᠯᠭ᠎ᠠ ᠭᠡᠷ᠂ ᠨᠢᠭᠡ ᠢᠵᠢ ᠭᠡᠷ︾ ᠵᠡᠷᠭᠡ ᠣᠯᠠᠨ ᠲᠠᠰ ᠳᠠᠪᠬᠤᠷᠭ᠎ᠠ ᠶᠢᠨ ᠲᠦᠷᠢᠶᠡᠰᠦᠨ ᠣᠷᠣᠨ | ᠰᠠᠭᠤᠴᠠ ᠶᠢᠨ ᠬᠠᠩᠭᠠᠯᠭ᠎ᠠ ᠶᠢᠨ ᠰᠢᠰᠲ᠋ᠧᠮ ᠢ ᠪᠠᠶᠢᠭᠤᠯᠤᠭᠰᠠᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠤᠭᠠᠳ ᠰᠢ ᠶᠢᠨ | ᠫᠢᠩ ᠭᠦᠢᠴᠡᠳ ᠨᠤᠲᠠᠯᠠᠪᠠ᠃ ᠲᠡᠷᠡ ᠤᠷᠢᠳ ᠬᠤᠵᠢᠳ ᠨᠡᠶᠢᠭᠡᠮ ᠲᠣᠭᠤᠷᠢᠭ ᠤᠨ ᠣᠷᠣᠨ ᠰᠠᠭᠤᠴᠠ ᠶᠢᠨ ᠭᠡᠯᠪᠡᠷᠢ ᠶᠢᠨ᠂ | ᠪᠠᠶᠢᠷᠢ ᠶᠢᠨ ᠭᠡᠯᠪᠡᠷᠢ ᠶᠢᠨ ᠲᠦᠷᠢᠶᠡᠰᠦᠨ ᠭᠡᠷ ᠤᠨ ᠢᠷᠡᠯᠲᠡ ᠶᠢᠨ ᠲᠦᠷᠢᠶᠡᠰᠦᠨ ᠡᠷᠦᠭᠡ ᠶᠢᠨ ᠣᠷᠣᠨ ᠰᠠᠭᠤᠴᠠ ᠪᠣᠯᠣᠨ | ᠤᠯᠠᠨ ᠨᠡᠶᠢᠲᠡ ᠶᠢᠨ ᠲᠣᠭᠤᠭᠠᠨ ᠭᠡᠷ᠂ ᠤᠯᠠᠨ ᠨᠡᠶᠢᠲᠡ ᠶᠢᠨ ᠬᠤᠪᠴᠠᠰᠤ ᠤᠬᠢᠶᠠᠬᠤ ᠭᠡᠷ ᠵᠡᠷᠭᠡ ᠬᠠᠮᠲᠤ ᠪᠠᠷ ᠡᠳ᠋ᠯᠡᠬᠦ | ᠣᠷᠣᠨ ᠵᠠᠢ ᠳᠤ ᠬᠦᠷᠴᠦ᠂ ᠠᠳᠡ ᠰᠠᠭᠤᠵᠤ ᠪᠠᠶᠢᠭ᠎ᠠ ᠬᠤᠳᠠ ᠶᠢᠨ ᠨᠢᠭᠡᠳᠦᠭᠡᠷ ᠹᠷᠣᠨᠲ ᠤᠨ ᠠᠵᠢᠯᠲᠠᠨ ᠤ ᠠᠮᠢᠳᠤᠷᠠᠯ ᠤᠨ | ᠪᠠᠶᠢᠳᠠᠯ ᠢ ᠨᠠᠷᠢᠨ ᠣᠶᠢᠯᠠᠭᠠᠪᠠ᠃ ᠶᠡᠷᠦᠩᠬᠡᠢ ᠱᠦᠵᠢ ᠶᠢᠨ ᠴᠢᠩ ᠰᠡᠳᠬᠢᠯ ᠤᠨ ᠬᠠᠯᠠᠮᠵᠢᠯᠠᠯ ᠨᠢ ᠲᠤᠬᠠᠢ ᠶᠢᠨ ᠲᠠᠯᠠᠪᠠᠢ ᠳᠤ | ᠪᠠᠶᠢᠭᠰᠠᠨ ᠬᠥᠮᠥᠰ ᠤᠨ ᠰᠡᠳᠬᠢᠯ ᠢ ᠳᠣᠭᠳᠣᠯᠤᠭᠤᠯᠪᠠ᠃ ᠠᠶᠠᠷᠯᠠᠬᠤ ᠦᠶ᠎ᠡ ᠳᠤ᠂ ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠬᠤᠶᠢᠨ᠎ᠠ ᠬᠤᠶᠢᠨ᠎ᠠ ᠠᠴᠠ ᠪᠠᠨ ᠬᠦᠷᠢᠶᠡᠯᠡᠨ ᠢᠷᠡᠵᠦ ᠶᠡᠷᠦᠩᠬᠡᠢ ᠱᠦᠵᠢ ᠶᠢ ᠦᠳᠡᠨ ᠮᠣᠷᠳᠠᠭᠤᠯᠵᠠᠢ᠃ | ᠰᠢ ᠶᠢᠨ ᠫᠢᠩ᠂ ᠳᠥᠷᠪᠡᠨ ᠵᠦᠭ ᠨᠠᠢᠮᠠᠨ ᠵᠣᠪᠬᠢᠰ ᠠᠴᠠ ᠢᠷᠡᠭᠰᠡᠨ ᠪᠦᠲᠦᠭᠡᠨ ᠪᠠᠶᠢᠭᠤᠯᠤᠭᠴᠢᠳ ᠠᠳᠡ ᠠᠮᠤᠷ ᠵᠢᠮᠤᠷ | ᠠᠵᠤ ᠲᠥᠷᠥᠵᠦ ᠪᠠᠶᠢᠬᠤ ᠶᠢ ᠬᠠᠷᠠᠭᠠᠳ ᠮᠠᠰᠢ ᠪᠠᠶᠠᠷᠯᠠᠵᠤ ᠪᠠᠶᠢᠨ᠎ᠠ᠃ ᠬᠤᠳᠠ ᠨᠢ ᠥᠨᠳᠥᠷᠴᠡ ᠲᠠᠢ ᠪᠠᠶᠢᠬᠤ ᠪᠥᠭᠡᠳ | ᠨᠡᠩ ᠴᠤ ᠳᠤᠯᠠᠭᠠᠴᠠ ᠲᠠᠢ ᠪᠠᠶᠢᠬᠤ ᠬᠡᠷᠡᠭᠲᠡᠢ᠃ ᠮᠠᠨ ᠤ ᠨᠡᠶᠢᠭᠡᠮ ᠵᠢᠷᠤᠮ ᠪᠣᠯ ᠬᠠᠮᠲᠤ ᠪᠠᠷ ᠪᠠᠶᠠᠵᠢᠬᠤ ᠵᠡᠮ ᠢᠶᠠᠷ ᠵᠠᠮᠨᠠᠨ᠎ᠠ᠃ | ᠭᠠᠳᠠᠨ᠎ᠠ ᠠᠴᠠ ᠢᠷᠡᠵᠦ ᠬᠦᠴᠦ ᠶᠠᠪᠤᠭᠰᠠᠳ ᠱᠠᠩᠬᠠᠢ ᠳᠤ ᠢᠷᠡᠵᠦ ᠬᠤᠪᠢ ᠨᠡᠮᠡᠷᠢ ᠦᠵᠡᠭᠦᠯᠵᠦ ᠪᠠᠶᠢᠭ᠎ᠠ ᠨᠢ ᠮᠥᠨ ᠴᠦ | ᠠᠳᠠᠯᠢᠬᠠᠨ ᠢᠶᠠᠷ ᠬᠤᠲᠠ ᠶᠢᠨ ᠡᠵᠡᠨ ᠮᠥᠨ᠃ ᠠᠷᠠᠳ ᠤᠨ ᠬᠤᠳᠠ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ | ᠠᠷᠠᠳ ᠤᠯᠠᠨ ᠤ ᠣᠷᠣᠨ ᠰᠠᠭᠤᠴᠠ ᠶᠢᠨ ᠲᠠᠯ᠎ᠠ ᠪᠠᠷ ᠬᠢ ᠤᠯᠠᠨ ᠶᠠᠩᠵᠤᠴᠢᠯᠠᠭᠰᠠᠨ᠂ ᠤᠯᠠᠨ ᠡᠰᠢᠴᠢᠯᠡᠭᠰᠡᠨ | ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠵᠤ᠂ ᠭᠠᠳᠠᠨ᠎ᠠ ᠠᠴᠠ ᠢᠷᠡᠭᠰᠡᠨ ᠬᠥᠮᠥᠨ ᠠᠮᠠ ᠶᠢᠨ ᠣᠷᠣᠵᠤ ᠢᠷᠡᠬᠦ᠂ | ᠦᠯᠡᠳᠡᠵᠦ ᠳᠡᠶᠢᠯᠭᠦ᠂ ᠠᠮᠤᠷ ᠲᠠᠶᠢᠪᠤᠩ ᠰᠠᠭᠤᠷᠢᠰᠢᠬᠤ᠂ ᠦᠢᠯᠡᠰ ᠪᠣᠰᠬᠠᠵᠤ ᠳᠡᠶᠢᠯᠭᠦ ᠶᠢ ᠦᠨᠡᠨ ᠬᠦ ᠪᠠᠲᠤᠯᠠᠬᠤ ᠬᠡᠷᠡᠭᠲᠡᠢ | ᠭᠡᠵᠦ ᠬᠡᠯᠡᠪᠡ᠃ | 12 ᠰᠠᠷ᠎ᠠ ᠶᠢᠨ 1 ᠤ ᠦᠳᠡ ᠶᠢᠨ ᠡᠮᠦᠨ᠎ᠡ᠂ ᠰᠢ ᠶᠢᠨ ᠫᠢᠩ ᠱᠠᠩᠬᠠᠢ ᠬᠤᠳᠠ ᠶᠢᠨ ᠨᠠᠮ ᠤᠨ ᠬᠤᠷᠢᠶ᠎ᠠ ᠪᠣᠯᠣᠨ | ᠬᠤᠳᠠ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠱᠠᠩᠬᠠᠢ ᠶᠢᠨ ᠡᠯ᠎ᠡ ᠵᠦᠢᠯ ᠤᠨ | ᠠᠵᠢᠯ ᠤᠨ ᠣᠯᠣᠭᠰᠠᠨ ᠠᠮᠵᠢᠯᠲᠠ ᠶᠢ ᠨᠤᠲᠠᠯᠠᠪᠠ᠃ | ᠰᠢ ᠶᠢᠨ ᠫᠢᠩ᠂ ︽ᠲᠠᠪᠤᠨ ᠲᠥᠪ︾ ᠢ ᠲᠦᠷᠭᠡᠳᠬᠡᠨ ᠪᠦᠲᠦᠭᠡᠨ ᠪᠠᠶᠢᠭᠤᠯᠬᠤ ᠪᠣᠯ ᠨᠠᠮ ᠤᠨ ᠲᠥᠪ ᠬᠤᠷᠢᠶ᠎ᠠ ᠠᠴᠠ | ᠱᠠᠩᠬᠠᠢ ᠳᠤ ᠳᠠᠭᠠᠭᠠᠯᠭᠠᠭᠰᠠᠨ ᠴᠢᠬᠤᠯᠠ ᠡᠭᠦᠷᠭᠡ ᠪᠣᠯᠣᠨ᠎ᠠ᠃ ᠱᠠᠩᠬᠠᠢ ᠶᠢᠨ ᠬᠢᠨ ᠡᠭᠦᠨ ᠢᠶᠠᠷ ᠭᠤᠣᠯ ᠰᠢᠪᠲᠤᠯᠤᠯᠲᠠ ᠶᠢᠨ | ᠴᠢᠭᠯᠡᠯ ᠪᠤᠯᠭᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠲᠠᠯ᠎ᠠ ᠶᠢᠨ ᠠᠵᠢᠯ ᠢ ᠨᠢᠭᠡᠳᠦᠯᠲᠡᠢ | ᠲᠥᠯᠥᠪᠵᠢᠭᠦᠯᠦᠨ ᠲᠠᠶᠢᠴᠢᠯᠠᠵᠤ᠂ ᠪᠦᠬᠦᠯᠢ ᠴᠣᠭᠴᠠ ᠪᠠᠷ ᠲᠥᠯᠥᠪᠵᠢᠭᠦᠯᠬᠦ᠂ ᠬᠠᠮᠵᠢᠯᠴᠠᠨ ᠠᠬᠢᠭᠤᠯᠬᠤ᠂ | ᠭᠤᠣᠯᠳᠠᠯᠭ᠎ᠠ ᠲᠠᠢ ᠰᠢᠪᠲᠤᠯᠤᠯᠲᠠ ᠬᠢᠬᠦ ᠶᠢ ᠪᠠᠷᠢᠮᠲᠠᠯᠠᠵᠤ᠂ ᠴᠡᠭ ᠢᠶᠠᠷ ᠨᠡᠶᠢᠳᠡᠮ ᠢ ᠲᠠᠶᠢᠴᠢᠯᠠᠵᠤ᠂ ᠬᠤᠳᠠ ᠶᠢᠨ | ᠴᠢᠳᠠᠪᠬᠢ ᠶᠢᠨ ᠲᠡᠰ ᠪᠣᠯᠣᠨ ᠭᠤᠣᠯᠯᠠᠭᠴᠢ ᠥᠷᠢᠰᠦᠯᠳᠦᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠭᠦ ᠬᠡᠷᠡᠭᠲᠡᠢ᠃ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠢᠯᠣᠭᠤᠳᠤᠮᠵᠢ ᠪᠤᠯᠭᠠᠵᠤ᠂ ᠵᠠᠩᠭᠢᠯᠠᠭ᠎ᠠ ᠶᠢᠨ | ᠭᠤᠣᠯᠯᠠᠭᠴᠢ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠪᠠᠨ | ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠵᠤ᠂ ᠳᠡᠯᠡᠬᠡᠢ ᠶᠢᠨ ᠲᠡᠰ ᠤᠨ ᠳᠡᠭᠡᠳᠦ ᠲᠡᠰ ᠤᠨ ᠠᠵᠤ ᠦᠢᠯᠡᠰ ᠤᠨ | ᠪᠦᠯᠦᠭᠵᠢᠯ ᠢ ᠲᠦᠷᠭᠡᠳᠬᠡᠨ ᠪᠤᠶᠢᠵᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ | ᠪᠠᠶᠢᠭᠤᠯᠵᠤ᠂ ᠤᠯᠠᠨ ᠤᠯᠤᠰ ᠤᠨ ᠠᠵᠤ ᠠᠬᠤᠢ ᠶᠢᠨ ᠲᠥᠪ ᠤᠨ ᠪᠠᠶᠢᠷᠢ ᠰᠠᠭᠤᠷᠢ ᠪᠣᠯᠣᠨ ᠪᠦᠭᠦ ᠪᠥᠮᠪᠥᠷᠴᠡᠭ ᠤᠨ ᠠᠵᠤ | ᠠᠬᠤᠢ ᠶᠢᠨ ᠵᠠᠰᠠᠯᠲᠠ ᠶᠢᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠤᠳᠤ ᠦᠶ᠎ᠡ ᠶᠢᠨ | ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠣᠨ ᠮᠥᠩᠭᠦᠨ ᠭᠦᠢᠯᠭᠡᠭᠡᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠥᠨᠳᠥᠷ ᠲᠦᠪᠰᠢᠨ ᠪᠦᠬᠦᠢ ᠮᠥᠩᠭᠦᠨ ᠭᠦᠢᠯᠭᠡᠭᠡᠨ ᠤ ᠭᠠᠳᠠᠭᠠᠳᠤ ᠨᠡᠭᠡᠭᠡᠯᠲᠡ ᠶᠢ | ᠬᠡᠷᠡᠭᠵᠢᠭᠦᠯᠵᠦ᠂ ᠪᠣᠳᠠᠲᠤ ᠴᠣᠭᠴᠠ ᠶᠢᠨ ᠠᠵᠤ ᠠᠬᠤᠢ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠪᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ᠃ | ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠶᠢ ᠭᠦᠨᠵᠡᠭᠡᠢ | ᠬᠡᠷᠡᠭᠵᠢᠭᠦᠯᠵᠦ᠂ ᠤᠯᠠᠨ ᠤᠯᠤᠰ ᠤᠨ ᠠᠷᠠᠯᠵᠢᠶᠠᠨ ᠤ ᠲᠥᠪ ᠤᠨ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠶᠢ | ᠠᠬᠢᠭᠤᠯᠬᠤ ᠬᠡᠷᠡᠭᠲᠡᠢ᠃ ᠳᠡᠭᠡᠳᠦ ᠲᠡᠰ ᠤᠨ ᠤᠰᠤᠨ ᠵᠠᠮ ᠤᠨ ᠲᠡᠭᠡᠭᠡᠪᠦᠷᠢ ᠶᠢᠨ ᠦᠢᠯᠡᠴᠢᠯᠡᠭᠡ ᠵᠡᠷᠭᠡ ᠲᠠᠯ᠎ᠠ ᠶᠢᠨ | ᠳᠤᠲᠠᠭᠤᠳᠠᠯ ᠢ ᠲᠦᠷᠭᠡᠳᠬᠡᠨ ᠨᠥᠬᠦᠪᠦᠷᠢᠯᠡᠵᠦ᠂ ᠤᠰᠤᠨ ᠵᠠᠮ ᠤᠨ ᠲᠡᠭᠡᠭᠡᠪᠦᠷᠢ ᠶᠢᠨ ᠡᠬᠢ ᠪᠠᠶᠠᠯᠢᠭ ᠤᠨ ᠪᠦᠭᠦ | ᠪᠥᠮᠪᠥᠷᠴᠡᠭ ᠤᠨ ᠲᠣᠬᠢᠷᠠᠭᠤᠯᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠥᠨᠳᠥᠷ ᠲᠦᠪᠰᠢᠨ ᠪᠦᠬᠦᠢ | ᠴᠢᠳᠠᠪᠤᠷᠢᠲᠠᠨ ᠤ ᠥᠨᠳᠦᠷᠯᠢᠭ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠢᠨ᠎ᠡ ᠶᠢ ᠡᠭᠦᠳᠬᠦ ᠰᠠᠶᠢᠨ | ᠰᠠᠶᠢᠬᠠᠨ ᠠᠮᠢ ᠠᠬᠤᠢ ᠶᠢ ᠪᠤᠢ ᠪᠤᠯᠭᠠᠬᠤ ᠬᠡᠷᠡᠭᠲᠡᠢ᠃ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ | ᠪᠦᠰᠡ ᠯᠦᠭᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠨᠥᠯᠥᠭᠡᠯᠡᠨ ᠳᠠᠶᠢᠴᠢᠯᠠᠬᠤ ᠦᠢᠯᠡᠳᠦᠯ ᠢ ᠨᠡᠩ ᠰᠠᠶᠢᠲᠤᠷ | ᠪᠠᠳᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ | ᠪᠠ ᠪᠦᠭᠦ ᠪᠥᠮᠪᠥᠷᠴᠡᠭ ᠢ ᠭᠦᠨᠵᠡᠭᠡᠢ ᠬᠤᠯᠪᠣᠭᠰᠠᠨ ᠳᠡᠯᠡᠬᠡᠢ ᠶᠢᠨ ᠶᠡᠭᠡ ᠬᠤᠳᠠ ᠪᠣᠯᠤᠭᠰᠠᠨ ᠤ ᠬᠤᠪᠢ ᠳᠤ᠂ ᠱᠠᠩᠬᠠᠢ ᠨᠡᠩ | ᠥᠨᠳᠥᠷ ᠭᠠᠷᠤᠭ᠎ᠠ ᠠᠴᠠ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠬᠥᠭᠵᠢᠯᠲᠡ ᠶᠢᠨ | ᠬᠥᠳᠡᠯᠭᠡᠬᠦ ᠬᠦᠴᠦᠨ ᠪᠠ ᠥᠷᠢᠰᠦᠯᠳᠦᠬᠦ ᠬᠦᠴᠦᠨ ᠢᠶᠠᠨ ᠴᠢᠩᠭᠠᠳᠬᠠᠬᠤ ᠬᠡᠷᠡᠭᠲᠡᠢ᠃ ᠤᠤᠭᠠᠯ ᠡᠭᠦᠳᠦᠯᠲᠡ ᠶᠢᠨ ᠴᠢᠨᠠᠷᠲᠠᠢ | ᠥᠭᠡᠷᠡᠴᠢᠯᠡᠯᠲᠡ᠂ ᠬᠥᠲᠥᠯᠥᠨ ᠳᠠᠭᠠᠭᠤᠯᠬᠤ ᠴᠢᠨᠠᠷᠲᠠᠢ ᠨᠡᠭᠡᠭᠡᠯᠲᠡ ᠶᠢ ᠪᠦᠭᠦ ᠲᠠᠯ᠎ᠠ ᠪᠠᠷ ᠡᠷᠴᠢᠮᠲᠡᠢ ᠠᠬᠢᠭᠤᠯᠵᠤ᠂ | ᠥᠭᠡᠷᠡᠴᠢᠯᠡᠯᠲᠡ ᠶᠢᠨ ᠰᠢᠰᠲ᠋ᠧᠮ ᠤᠨ ᠬᠤᠷᠠᠮᠠᠯ ᠢ ᠴᠢᠩᠭᠠᠳᠬᠠᠵᠤ᠂ ᠫᠦᠳᠦ᠋ᠩ ᠰᠢᠨ᠎ᠡ ᠲᠣᠭᠤᠷᠢᠭ ᠤᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠲᠤᠷᠰᠢᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠭᠠᠷᠠᠮ ᠳᠠᠭᠠᠤ ᠶᠢᠨ ᠰᠢᠨ᠎ᠡ ᠬᠡᠰᠡᠭ | ᠲᠣᠭᠤᠷᠢᠭ ᠲᠤ ᠡᠩ ᠲᠡᠷᠢᠭᠦᠨ ᠳᠤ ᠳᠠᠷᠤᠯᠲᠠ ᠶᠢᠨ ᠰᠣᠷᠢᠯᠲᠠ ᠶᠢ ᠥᠷᠨᠢᠭᠦᠯᠵᠦ᠂ ᠳᠦᠷᠢᠮ᠂ ᠬᠡᠪ ᠪᠠᠷᠢᠮᠵᠢᠶ᠎ᠠ᠂ | ᠬᠠᠮᠢᠶᠠᠷᠤᠯᠲᠠ᠂ ᠪᠠᠷᠢᠮᠵᠢᠶ᠎ᠠ ᠵᠡᠷᠭᠡ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠬᠢᠯᠢ | ᠠᠯᠤᠰᠯᠠᠭᠰᠠᠨ ᠦᠢᠯᠡᠴᠢᠯᠡᠭᠡᠨ ᠤ ᠠᠷᠠᠯᠵᠢᠶ᠎ᠠ ᠪᠠ ᠪᠡᠯᠡ ᠣᠷᠣᠭᠤᠯᠤᠯᠲᠠ ᠶᠢᠨ ᠥᠨᠳᠥᠷ ᠲᠦᠪᠰᠢᠨ ᠪᠦᠬᠦᠢ ᠨᠡᠭᠡᠭᠡᠯᠲᠡ ᠶᠢ | ᠭᠦᠨᠵᠡᠭᠡᠢ ᠠᠬᠢᠭᠤᠯᠵᠤ᠂ ᠦᠢᠯᠡᠳᠬᠦ ᠦᠢᠯᠡᠰ ᠤᠨ ᠨᠡᠭᠡᠭᠡᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠬᠤᠩᠴᠢᠶᠤᠤ ᠶᠢᠨ | ᠤᠯᠠᠨ ᠤᠯᠤᠰ ᠤᠨ ᠨᠡᠭᠡᠭᠡᠯᠲᠡ ᠶᠢᠨ ᠵᠠᠩᠭᠢᠯᠠᠭ᠎ᠠ ᠶᠢᠨ ᠡᠨᠧᠷᠭᠢ ᠶᠢᠨ ᠲᠡᠰ ᠢ ᠤᠯᠠᠮ ᠳᠡᠭᠡᠭᠰᠢᠯᠡᠭᠦᠯᠵᠦ᠂ ᠭᠠᠳᠠᠭᠠᠳᠤ | ᠤᠷᠤᠭᠤᠯᠤᠯᠳᠠ ᠶᠢᠨ ᠦᠵᠡᠰᠭᠦᠯᠡᠩ ᠤᠨ ᠴᠤᠭᠯᠠᠭᠠᠨ ᠵᠡᠷᠭᠡ ᠬᠤᠣᠰ ᠴᠢᠭᠯᠡᠯ ᠤᠨ ᠨᠡᠭᠡᠭᠡᠯᠲᠡ ᠶᠢᠨ ᠲᠣᠮᠣ ᠲᠠᠪᠴᠠᠩ ᠢ | ᠦᠷᠭᠦᠯᠵᠢᠯᠡᠨ ᠰᠠᠶᠢᠲᠤᠷ ᠡᠷᠭᠢᠯᠡᠵᠦ᠂ ᠤᠯᠠᠨ ᠤᠯᠤᠰ ᠤᠨ ᠥᠷᠢᠰᠦᠯᠳᠦᠬᠦ ᠬᠦᠴᠦᠨ ᠪᠦᠬᠦᠢ ᠲᠦᠷᠦ ᠶᠢᠨ ᠪᠣᠳᠣᠯᠭ᠎ᠠ ᠪᠠ | ᠳᠦᠷᠢᠮ ᠤᠨ ᠰᠢᠰᠲ᠋ᠧᠮ ᠢ ᠲᠦᠷᠭᠡᠳᠬᠡᠨ ᠪᠤᠢ ᠪᠤᠯᠭᠠᠬᠤ ᠬᠡᠷᠡᠭᠲᠡᠢ᠃ ︽ᠬᠤᠶᠠᠷ ᠭᠤᠶᠢᠪᠢᠰᠢ ᠦᠭᠡᠢ ᠪᠠᠶᠢᠬᠤ︾ ᠶᠢ | ᠪᠠᠷᠢᠮᠲᠠᠯᠠᠵᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠡᠷᠬᠡ ᠲᠡᠭᠰᠢ ᠪᠠᠷ ᠵᠠᠬ᠎ᠠ | ᠳᠡᠯᠭᠡᠭᠦᠷ ᠤᠨ ᠥᠷᠢᠰᠦᠯᠳᠦᠭᠡᠨ ᠳᠤ ᠣᠷᠤᠯᠴᠠᠬᠤ ᠶᠢ ᠪᠠᠲᠤᠯᠠᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠳᠡᠯᠡᠬᠡᠢ ᠶᠢᠨ ᠲᠡᠷᠢᠭᠦᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠪᠤᠢ ᠪᠤᠯᠭᠠᠵᠤ᠂ ᠡᠯ᠎ᠡ | ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠤᠯᠤᠰ ᠤᠨ ᠳᠣᠲᠣᠭᠠᠳᠤ | ᠭᠠᠳᠠᠭᠠᠳᠤ ᠶᠢᠨ ᠳᠡᠭᠡᠳᠦ ᠲᠡᠰ ᠤᠨ ᠡᠬᠢ ᠪᠠᠶᠠᠯᠢᠭ ᠤᠨ ᠲᠠᠲᠠᠬᠤ ᠬᠦᠴᠦᠨ ᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ | ᠃ | ᠰᠢ ᠶᠢᠨ ᠫᠢᠩ᠂ ᠠᠷᠠᠳ ᠤᠨ ᠬᠤᠳᠠ ᠶᠢᠨ ᠣᠶᠢᠯᠠᠭᠠᠭᠳᠠᠬᠤᠨ ᠢ ᠪᠦᠭᠦ ᠲᠠᠯ᠎ᠠ ᠪᠠᠷ ᠦᠢᠯᠡᠳᠦᠯᠭᠡᠵᠢᠭᠦᠯᠵᠦ᠂ ᠨᠠᠮ ᠤᠨ | ᠤᠳᠤᠷᠢᠳᠤᠯᠭ᠎ᠠ ᠪᠣᠯᠣᠨ ᠨᠡᠶᠢᠭᠡᠮ ᠵᠢᠷᠤᠮᠲᠤ ᠪᠠᠶᠢᠭᠤᠯᠤᠯ ᠤᠨ ᠢᠯᠡᠳᠲᠡ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠠᠷᠠᠳ | ᠤᠯᠠᠨ ᠤ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠭᠦᠢᠴᠡᠳ ᠲᠠᠶᠢᠴᠢᠯᠠᠵᠤ᠂ ᠬᠤᠳᠠ ᠶᠢᠨ | ᠲᠥᠯᠦᠪᠵᠢᠭᠦᠯᠭᠡ ᠪᠣᠯᠣᠨ ᠬᠡᠷᠡᠭᠵᠢᠭᠦᠯᠦᠯᠲᠡ ᠶᠢᠨ ᠲᠠᠯ᠎ᠠ ᠪᠠᠷ ᠵᠢᠷᠤᠭ ᠲᠥᠰᠥᠪ ᠢ ᠡᠴᠦᠰ ᠲᠤᠨᠢ ᠲᠤᠯᠲᠠᠯ᠎ᠠ ᠵᠢᠷᠤᠭᠯᠠᠬᠤ ᠶᠢ | ᠪᠠᠷᠢᠮᠲᠠᠯᠠᠵᠤ᠂ ᠬᠤᠳᠠ ᠶᠢᠨ ᠲᠣᠭᠠᠴᠢᠯᠠᠯᠳᠠ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠢᠳᠡᠪᠬᠢᠲᠡᠢ | ᠠᠬᠢᠭᠤᠯᠵᠤ᠂ ᠤᠶᠠᠨ ᠬᠠᠳᠠᠨ ᠴᠢᠨᠠᠷᠲᠠᠢ ᠠᠮᠤᠷ ᠲᠦᠪᠰᠢᠨ ᠬᠤᠳᠠ ᠶᠢᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ | ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠭᠡᠳᠦ ᠶᠡᠭᠡ ᠬᠤᠳᠠ ᠶᠢᠨ ᠵᠠᠰᠠᠯᠲᠠ ᠶᠢᠨ ᠣᠳᠣᠬᠢᠴᠢᠯᠠᠯᠲᠠ ᠶᠢᠨ | ᠰᠢᠨ᠎ᠡ ᠵᠠᠮ ᠢᠶᠠᠷ ᠴᠢᠷᠮᠠᠶᠢᠨ ᠵᠠᠮᠨᠠᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠶᠢ | ᠬᠤᠳᠠ ᠶᠢᠨ ᠪᠦᠲᠦᠭᠡᠨ ᠪᠠᠶᠢᠭᠤᠯᠤᠯᠲᠠ ᠪᠠ ᠵᠠᠰᠠᠯᠲᠠ ᠶᠢᠨ ᠵᠣᠷᠢᠯᠲᠠ ᠪᠠ ᠲᠤᠰᠤᠯᠲᠠ ᠪᠤᠯᠭᠠᠵᠤ᠂ ᠪᠦᠭᠦ ᠶᠠᠪᠤᠴᠠ ᠶᠢᠨ | ᠠᠷᠠᠳ ᠤᠨ ᠠᠷᠠᠳᠴᠢᠯᠠᠯ ᠢ ᠬᠤᠳᠠ ᠶᠢᠨ ᠵᠠᠰᠠᠯᠲᠠ ᠶᠢᠨ ᠣᠳᠣᠬᠢᠴᠢᠯᠠᠯᠲᠠ ᠳᠤ ᠠᠭᠤᠰᠤᠯᠴᠠᠭᠤᠯᠵᠤ᠂ ᠬᠥᠮᠥᠨ ᠪᠦᠭᠦᠨ | ᠣᠷᠤᠯᠴᠠᠬᠤ᠂ ᠬᠥᠮᠥᠨ ᠪᠦᠭᠦᠨ ᠬᠠᠷᠢᠭᠤᠴᠠᠬᠤ᠂ ᠬᠥᠮᠥᠨ ᠪᠦᠭᠦᠨ ᠬᠤᠪᠢ ᠨᠡᠮᠡᠷᠢ ᠦᠵᠡᠭᠦᠯᠭᠦ᠂ ᠬᠥᠮᠥᠨ ᠪᠦᠭᠦᠨ | ᠬᠠᠮᠲᠤ ᠪᠠᠷ ᠡᠳ᠋ᠯᠡᠬᠦ ᠬᠤᠳᠠ ᠶᠢᠨ ᠵᠠᠰᠠᠯᠲᠠ ᠶᠢᠨ ᠬᠠᠮᠲᠤ ᠶᠢᠨ ᠴᠣᠭᠴᠠ ᠶᠢ ᠪᠠᠶᠢᠭᠤᠯᠵᠤ᠂ ᠤᠯᠠᠨ ᠲᠦᠮᠡᠨ ᠳᠤ | ᠦᠢᠯᠡᠴᠢᠯᠡᠬᠦ ︽ᠡᠴᠦᠰ ᠤᠨ ᠨᠢᠭᠡ ᠺᠢᠯᠣᠮᠧᠳ᠋ᠷ︾ ᠢ ᠨᠠᠪᠲᠠᠷᠡᠭᠦᠯᠵᠦ᠂ ᠤᠯᠠᠨ ᠲᠦᠮᠡᠨ ᠤ ᠲᠤᠰ ᠪᠡᠶ᠎ᠡ ᠶᠢᠨ ᠠᠰᠢᠭ | ᠲᠤᠰᠠ ᠳᠤ ᠬᠤᠯᠪᠣᠭᠳᠠᠭᠰᠠᠨ ᠠᠰᠠᠭᠤᠳᠠᠯ ᠢ ᠨᠠᠷᠢᠨ ᠬᠢᠨᠠᠮᠠᠭᠠᠢ ᠰᠢᠢᠳᠪᠦᠷᠢᠯᠡᠵᠦ᠂ ᠰᠢᠨ᠎ᠡ ᠴᠠᠭ ᠦᠶ᠎ᠡ ᠶᠢᠨ ︽ | ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ | ᠲᠡᠭᠦᠯᠳᠡᠷᠵᠢᠭᠦᠯᠵᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠤ ᠰᠠᠭᠤᠷᠢ ᠶᠢ ᠪᠠᠲᠤ ᠴᠣᠭᠴᠠᠯᠠᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠣᠶᠣᠯ ᠤᠨ | ᠦᠵᠡᠯ ᠰᠠᠨᠠᠭ᠎ᠠ ᠶᠢ ᠲᠤᠭᠤᠰᠢᠯᠠᠭᠤᠯᠵᠤ᠂ ᠰᠣᠶᠣᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠰᠣᠶᠣᠯ ᠤᠨ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠰᠣᠶᠣᠯ ᠤᠨ ᠵᠥᠭᠡᠯᠡᠨ | ᠪᠣᠳᠠᠲᠤ ᠬᠦᠴᠦᠨ ᠢ ᠶᠡᠭᠡ ᠪᠠᠷ ᠳᠡᠭᠡᠭᠰᠢᠯᠡᠭᠦᠯᠭᠦ ᠬᠡᠷᠡᠭᠲᠡᠢ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠨᠢᠭᠡᠳᠦᠨ ᠰᠦᠭ ᠰᠦᠨᠡᠰᠦ ᠶᠢ ᠱᠤᠭᠤᠬᠤ ᠶᠢ | ᠴᠥᠬᠦᠷᠡᠰᠢ ᠦᠭᠡᠢ ᠪᠠᠷᠢᠮᠲᠠᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠥᠷᠭᠡᠨ ᠢᠶᠠᠷ | ᠦᠢᠯᠡᠳᠦᠯᠭᠡᠵᠢᠭᠦᠯᠵᠦ᠂ ᠦᠵᠡᠯ ᠤᠬᠠᠮᠰᠠᠷ ᠤᠨ ᠭᠡᠯᠪᠡᠷᠢ ᠶᠢᠨ ᠬᠦᠷᠢᠶᠡᠨ ᠳᠠᠬᠢ ᠮᠠᠷᠺᠰ ᠤᠨ ᠦᠵᠡᠯ ᠤᠨ ᠵᠢᠯᠤᠭᠤᠳᠬᠤ | ᠪᠠᠶᠢᠷᠢ ᠰᠠᠭᠤᠷᠢ ᠶᠢ ᠪᠠᠬᠢᠵᠢᠭᠦᠯᠵᠦ᠂ ᠡᠯ᠎ᠡ ᠵᠦᠢᠯ ᠤᠨ ᠰᠣᠶᠣᠯ ᠤᠨ ᠰᠤᠯᠪᠢᠴᠠᠨ ᠠᠭᠤᠰᠤᠯᠴᠠᠬᠤ ᠳᠤᠮᠳᠠ ᠭᠤᠣᠯ ᠦᠷᠳᠡᠭ | ᠂ ᠭᠤᠣᠯ ᠶᠠᠷᠢᠶ᠎ᠠ ᠬᠡᠯᠡᠯᠴᠡᠭᠡ᠂ ᠭᠤᠣᠯ ᠰᠣᠶᠣᠯ ᠢ ᠴᠢᠨᠠᠭᠰᠢᠳᠠ ᠪᠤᠵᠠᠭᠠᠶᠢᠷᠠᠭᠤᠯᠬᠤ ᠬᠡᠷᠡᠭᠲᠡᠢ᠃ ᠬᠤᠳᠠ ᠶᠢᠨ ᠰᠣᠶᠣᠯ ᠢ | ᠤᠯᠠᠮᠵᠢᠯᠠᠨ ᠵᠠᠯᠭᠠᠮᠵᠢᠯᠠᠬᠤ ᠶᠢ ᠴᠢᠬᠤᠯᠠᠴᠢᠯᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠪᠠ ᠰᠣᠶᠣᠯ ᠤᠨ ᠥᠪ ᠤᠨ | ᠬᠠᠮᠠᠭᠠᠯᠠᠯᠲᠠ ᠶᠢ ᠴᠢᠩᠭᠠᠳᠬᠠᠵᠤ᠂ ᠬᠤᠪᠢᠰᠬᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠰᠣᠶᠣᠯ ᠢᠶᠠᠷ ᠠᠷᠠᠳ ᠲᠤ | ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠤᠯᠠᠨ ᠲᠦᠮᠡᠨᠴᠢ ᠴᠢᠨᠠᠷᠲᠠᠢ ᠤᠶᠤᠨ ᠤ ᠪᠣᠯᠪᠠᠰᠤᠨ ᠤ | ᠡᠭᠦᠳᠦᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠪᠢᠴᠢᠭ ᠤᠨ | ᠰᠤᠷᠪᠤᠯᠵᠢᠲᠤ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠵᠤ᠂ ᠬᠤᠳᠠ ᠶᠢᠨ ᠠᠷᠠᠳ ᠤᠨ ᠪᠣᠯᠪᠠᠰᠤᠨ ᠤ ᠬᠡᠪ ᠴᠢᠨᠠᠷ ᠪᠠ | ᠬᠤᠳᠠ ᠶᠢᠨ ᠪᠣᠯᠪᠠᠰᠤᠨ ᠤ ᠬᠡᠮᠵᠢᠶ᠎ᠡ ᠶᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠪᠣᠯ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠮᠥᠨ ᠴᠢᠨᠠᠷ ᠤᠨ ᠱᠠᠭᠠᠷᠳᠠᠯᠭ᠎ᠠ ᠮᠥᠨ᠂ ᠪᠠᠰᠠ ᠴᠤ ᠦᠨᠳᠦᠰᠦᠨ ᠪᠠᠲᠤᠯᠠᠭ᠎ᠠ ᠮᠥᠨ᠃ ᠱᠠᠩᠬᠠᠢ | ᠪᠣᠯ ᠮᠠᠨ ᠤ ᠨᠠᠮ ᠤᠨ ᠮᠡᠨᠳᠦᠯᠡᠭᠰᠡᠨ ᠭᠠᠵᠠᠷ ᠮᠥᠨ᠂ ᠠᠩᠬᠠᠳᠤᠭᠠᠷ ᠶᠡᠭᠡ ᠬᠤᠷᠠᠯ ᠬᠤᠷᠠᠯᠳᠤᠭᠰᠠᠨ ᠭᠠᠵᠠᠷ ᠵᠡᠷᠭᠡ | ᠬᠤᠪᠢᠰᠬᠠᠯᠲᠤ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠨᠠᠮ ᠪᠠᠶᠢᠭᠤᠯᠤᠭᠰᠠᠨ ᠠᠭᠤᠤ ᠶᠡᠭᠡ ᠵᠣᠷᠢᠭ ᠰᠠᠨᠠᠭ᠎ᠠ ᠶᠢ | ᠪᠠᠳᠠᠷᠠᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ︽ᠭᠤᠷᠪᠠᠨ ᠡᠷᠬᠡᠪᠰᠢ︾ ᠶᠢ ᠪᠠᠲᠤ ᠴᠡᠭᠡᠵᠢᠯᠡᠬᠦ ᠶᠢ | ᠬᠥᠮᠥᠵᠢᠭᠦᠯᠦᠨ ᠵᠢᠯᠤᠭᠤᠳᠴᠤ᠂ ᠰᠢᠨ᠎ᠡ ᠠᠶᠠᠨ ᠳᠤ ᠵᠠᠮ ᠨᠡᠭᠡᠭᠡᠨ ᠰᠢᠨ᠎ᠡ ᠶᠢ ᠡᠭᠦᠳᠴᠦ᠂ ᠵᠣᠷᠢᠭ ᠬᠥᠪᠴᠢᠯᠡᠨ | ᠤᠷᠤᠭᠰᠢᠯᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠤᠭᠤᠮ ᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠰᠠᠶᠢᠨ ᠺᠠᠳ᠋ᠷ ᠤᠨ ᠪᠠᠷᠢᠮᠵᠢᠶ᠎ᠠ ᠶᠢ | ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠣᠯᠠᠨ ᠤᠯᠤᠰ ᠤᠨ ᠲᠣᠮᠣ ᠬᠤᠲᠠ ᠲᠠᠢ ᠵᠣᠬᠢᠴᠠᠯᠳᠤᠭᠰᠠᠨ | ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠪᠠᠶᠢᠭᠤᠯᠬᠤ ᠬᠡᠷᠡᠭᠲᠡᠢ᠃ ᠭᠡᠲᠦ ᠶᠡᠭᠡ | ᠬᠤᠲᠠ ᠶᠢᠨ ᠣᠨᠴᠠᠯᠢᠭ ᠢ ᠡᠵᠡᠮᠳᠡᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠰᠡᠳᠬᠢᠴᠡ ᠪᠠ | ᠵᠠᠭᠪᠤᠷ ᠤᠨ ᠰᠢᠨ᠎ᠡ ᠶᠢ ᠡᠭᠦᠳᠴᠦ᠂ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ | ᠲᠡᠭᠦᠯᠳᠡᠷᠵᠢᠭᠦᠯᠬᠦ ᠬᠡᠷᠡᠭᠲᠡᠢ᠃ ᠢᠯᠵᠠᠷᠠᠯ ᠢ ᠡᠷᠡᠰ ᠡᠰᠡᠷᠭᠦᠴᠡᠨ ᠵᠠᠯᠬᠠᠭᠠᠨ ᠰᠢᠢᠳᠬᠡᠵᠦ᠂ ᠢᠯᠵᠠᠷᠠᠬᠤ ᠠᠴᠠ ᠵᠢᠷᠦᠬᠡᠰᠢᠶᠡᠬᠦ᠂ | ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠤᠷᠲᠠᠯ | ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠠᠲᠤᠯᠠᠬᠤ ᠬᠡᠷᠡᠭᠲᠡᠢ᠃ ᠬᠤᠶᠠᠳᠤᠭᠠᠷ ᠪᠦᠯᠦᠭ ᠤᠨ ᠭᠤᠣᠯ | ᠰᠡᠳᠦᠪᠲᠦ ᠬᠥᠮᠦᠵᠢᠯ ᠰᠡᠭᠦᠯ ᠬᠤᠷᠢᠶᠠᠬᠤ ᠣᠶᠢᠷᠠᠲᠤᠯ᠎ᠠ᠂ ᠪᠠᠷᠢᠮᠵᠢᠶ᠎ᠠ ᠶᠢ ᠪᠠᠭᠤᠷᠠᠭᠤᠯᠬᠤ ᠦᠭᠡᠢ᠂ ᠡᠷᠴᠢ ᠵᠣᠷᠢᠭ ᠢᠶᠠᠨ | ᠰᠤᠯᠠᠷᠠᠭᠤᠯᠬᠤ ᠦᠭᠡᠢ ᠪᠠᠶᠢᠬᠤ ᠶᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠢ ᠡᠯ᠎ᠡ ᠲᠠᠯ᠎ᠠ ᠶᠢᠨ ᠠᠵᠢᠯ ᠲᠠᠢ | ᠤᠶᠠᠯᠳᠤᠭᠤᠯᠵᠤ᠂ ᠬᠤᠶᠠᠷ ᠲᠠᠯ᠎ᠠ ᠪᠠᠷ ᠠᠳᠬᠤᠵᠤ᠂ ᠬᠤᠶᠠᠷ ᠢ ᠰᠠᠭᠠᠲᠠᠭᠠᠬᠤ ᠦᠭᠡᠢ᠂ ᠬᠤᠶᠠᠷ ᠢ ᠠᠬᠢᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ | 12 ᠰᠠᠷ᠎ᠠ ᠶᠢᠨ 3 ᠤ ᠦᠳᠡ ᠶᠢᠨ ᠡᠮᠦᠨ᠎ᠡ᠂ ᠪᠡᠭᠡᠵᠢᠩ ᠳᠤ ᠪᠤᠴᠠᠬᠤ ᠵᠠᠮ ᠵᠠᠭᠤᠷ᠎ᠠ ᠪᠠᠨ᠂ ᠰᠢ ᠶᠢᠨ ᠫᠢᠩ ᠵᠢᠶᠠᠩᠰᠤ | ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠰᠢᠨ ᠴᠠᠩ ᠰᠢᠩ ᠪᠣᠯᠣᠨ ᠮᠤᠵᠢ ᠶᠢᠨ ᠳᠠᠷᠤᠭ᠎ᠠ ᠰᠢᠦᠢ ᠺᠦᠨ ᠯᠢᠨ ᠤ ᠪᠠᠷ᠎ᠠ | ᠪᠤᠯᠤᠯᠭ᠎ᠠ ᠲᠠᠢ ᠪᠠᠷ᠂ ᠶᠠᠨᠴᠧᠩ ᠬᠤᠳᠠ ᠳᠤ ᠬᠦᠷᠴᠦ ᠰᠢᠨ᠎ᠡ ᠳᠥᠷᠪᠡᠳᠦᠭᠡᠷ ᠠᠷᠮᠢ ᠶᠢᠨ ᠳᠤᠷᠠᠰᠬᠠᠯ ᠤᠨ ᠣᠷᠳᠣᠨ ᠢᠶᠠᠷ | ᠲᠣᠭᠤᠷᠢᠨ ᠦᠵᠡᠪᠡ᠃ ᠦᠵᠡᠭᠦᠯᠭᠡ ᠶᠢᠨ ᠲᠢᠩᠬᠢᠮ ᠳᠤ ᠠᠯᠢ ᠤᠯᠠᠨ ᠭᠡᠷᠡᠯ ᠵᠢᠷᠤᠭ᠂ ᠲᠡᠦᠬᠡ ᠶᠢᠨ ᠮᠠᠲ᠋ᠧᠷᠢᠶᠠᠯ᠂ | ᠲᠡᠦᠬᠡ ᠶᠢᠨ ᠳᠤᠷᠠᠰᠬᠠᠯᠲᠤ ᠵᠦᠢᠯᠡᠰ᠂ ᠳᠠᠭᠤᠷᠢᠶᠠᠮᠠᠯ ᠪᠣᠳᠠᠲᠤ ᠦᠵᠡᠭᠳᠡᠯ ᠨᠢ ᠰᠢᠨ᠎ᠡ ᠳᠥᠷᠪᠡᠳᠦᠭᠡᠷ ᠠᠷᠮᠢ ᠶᠢ ᠳᠠᠭᠢᠨ | ᠠᠮᠢᠯᠠᠭᠤᠯᠵᠤ᠂ ᠴᠢᠰᠤ ᠪᠠᠨ ᠤᠷᠤᠰᠬᠠᠨ ᠲᠡᠮᠡᠴᠡᠭᠰᠡᠨ ᠭᠡᠷᠡᠯ ᠰᠠᠴᠤᠷᠠᠩᠭᠤᠢ ᠲᠡᠦᠬᠡ ᠶᠢ ᠨᠢ ᠪᠦᠷᠢᠨ ᠭᠦᠢᠴᠡᠳ ᠢᠯᠡᠷᠡᠭᠦᠯᠪᠡ | ᠃ ᠰᠢ ᠶᠢᠨ ᠫᠢᠩ ᠪᠠᠶᠢᠨ ᠪᠠᠶᠢᠨ ᠵᠣᠭᠰᠣᠨ ᠪᠠᠶᠢᠴᠠᠭᠠᠨ ᠦᠵᠡᠵᠦ᠂ ᠤᠯᠠᠨ ᠲᠠᠢ ᠰᠠᠨᠠᠯ ᠢᠶᠠᠨ ᠰᠣᠯᠢᠯᠴᠠᠪᠠ᠃ ᠲᠡᠷᠡ᠂ | ᠠᠷᠠᠳ ᠤᠨ ᠰᠡᠳᠬᠢᠯ ᠤᠨ ᠬᠠᠨᠳᠤᠰᠢ ᠲᠡᠦᠬᠡ ᠶᠢᠨ ᠰᠣᠩᠭᠤᠯᠲᠠ ᠶᠢ ᠲᠣᠭᠲᠠᠭᠠᠵᠤ ᠪᠠᠶᠢᠳᠠᠭ᠂ ᠲᠦᠷᠦ ᠭᠦᠷᠦᠨ ᠪᠣᠯ ᠠᠷᠠᠳ | ᠲᠦᠮᠡᠨ ᠮᠥᠨ᠂ ᠠᠷᠠᠳ ᠲᠦᠮᠡᠨ ᠪᠣᠯ ᠲᠦᠷᠦ ᠭᠦᠷᠦᠨ ᠮᠥᠨ ᠭᠡᠳᠡᠭ ᠢ ᠰᠢᠨ᠎ᠡ ᠳᠥᠷᠪᠡᠳᠦᠭᠡᠷ ᠠᠷᠮᠢ ᠶᠢᠨ ᠲᠡᠦᠬᠡ | ᠭᠦᠢᠴᠡᠳ ᠲᠣᠳᠣᠷᠬᠠᠶᠢᠯᠠᠵᠠᠢ᠃ ᠡᠨᠡ ᠪᠣᠯ ᠬᠤᠪᠢᠰᠬᠠᠯᠲᠤ ᠤᠯᠠᠮᠵᠢᠯᠠᠯ ᠤᠨ ᠬᠥᠮᠦᠵᠢᠯ ᠢ ᠥᠷᠨᠢᠭᠦᠯᠬᠦ᠂ ᠤᠯᠤᠰ ᠢᠶᠠᠨ | ᠬᠠᠶᠢᠷᠠᠯᠠᠬᠤ ᠦᠵᠡᠯ ᠤᠨ ᠬᠥᠮᠦᠵᠢᠯ ᠢ ᠥᠷᠨᠢᠭᠦᠯᠬᠦ ᠠᠮᠢᠳᠤᠯᠢᠭ ᠵᠢᠭᠠᠬᠤ ᠮᠠᠲ᠋ᠧᠷᠢᠶᠠᠯ ᠮᠥᠨ᠂ ᠡᠨᠡ ᠬᠦ ᠵᠢᠭᠠᠬᠤ | ᠮᠠᠲ᠋ᠧᠷᠢᠶᠠᠯ ᠢ ᠰᠠᠶᠢᠲᠤᠷ ᠬᠡᠷᠡᠭᠯᠡᠵᠦ᠂ ᠨᠠᠮ ᠤᠨ ᠭᠡᠰᠢᠭᠦᠨ ᠺᠠᠳ᠋ᠷ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠬᠦᠴᠢᠷ | ᠪᠡᠷᠬᠡᠰᠢᠶᠡᠯ ᠠᠴᠠ ᠠᠶᠤᠬᠤ ᠦᠭᠡᠢ᠂ ᠠᠶᠤᠯ ᠲᠦᠭᠰᠢᠭᠦᠷᠢ ᠠᠴᠠ ᠠᠶᠤᠬᠤ ᠦᠭᠡᠢ᠂ ᠵᠣᠷᠢᠭᠲᠠᠢ ᠪᠠᠷ ᠲᠡᠮᠡᠴᠡᠯ ᠬᠢᠵᠦ | ᠵᠣᠷᠢᠭᠲᠠᠢ ᠪᠠᠷ ᠢᠯᠠᠯᠲᠠ ᠣᠯᠬᠤ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠠᠷᠠᠳ ᠲᠦᠮᠡᠨ ᠳᠤ ᠨᠢᠭᠲᠠ | ᠲᠦᠰᠢᠭᠯᠡᠨ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠳᠠ ᠶᠢᠨ | ᠠᠭᠤᠤ ᠦᠢᠯᠡᠰ ᠢ ᠲᠠᠰᠤᠷᠠᠯᠳᠠ ᠦᠭᠡᠢ ᠤᠷᠤᠭᠰᠢᠯᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ | ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | ᠯᠢ ᠭᠠᠨ ᠵᠢᠶᠧ᠂ ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠳᠡᠭᠡᠷ᠎ᠡ ᠳᠤᠷᠠᠳᠤᠭᠰᠠᠨ ᠬᠤᠯᠪᠣᠭᠳᠠᠯ ᠪᠦᠬᠦᠢ | ᠠᠵᠢᠯᠯᠠᠭ᠎ᠠ ᠳᠤ ᠲᠤᠰ ᠲᠤᠰ ᠣᠷᠣᠯᠴᠠᠵᠤ᠂ ᠭᠤᠣᠯ ᠰᠡᠳᠦᠪᠲᠦ ᠬᠥᠮᠦᠵᠢᠯ ᠤᠨ ᠲᠥᠪ ᠤᠨ ᠲᠠᠪᠤᠳᠤᠭᠠᠷ ᠲᠣᠭᠤᠷᠢᠨ | ᠵᠢᠯᠤᠭᠤᠳᠬᠤ ᠳᠤᠭᠤᠶᠢᠯᠠᠩ ᠤᠨ ᠬᠠᠷᠢᠭᠤᠴᠠᠯᠭᠠᠲᠠᠨ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠵᠠᠢ᠃ |