ᠡᠷᠢᠶᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠣᠷᠴᠢᠭᠤᠯᠭ᠎ᠠ ᠶᠢᠨ ᠰᠠᠯᠠᠭ᠎ᠠ ᠨᠢ ᠮᠣᠩᠭᠤᠯ ᠰᠦᠯᠵᠢᠶᠡᠨ ᠤ ᠤᠬᠠᠭᠤᠯᠤᠨ ᠰᠣᠷᠳᠠᠯᠴᠢᠯᠠᠬᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2023/12/7
      ᠣᠯᠠᠨ ᠲᠦᠮᠡᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠳᠤ ᠲᠥᠬᠦᠮ ᠦᠵᠡᠭᠦᠯᠵᠦ᠂ ᠵᠠᠰᠠᠭ ᠤᠨ ᠣᠷᠳᠣᠨ ᠤ ᠣᠯᠠᠨ ᠳᠦᠮᠡᠨᠴᠢ ᠴᠢᠨᠠᠷ ᠢ ᠳᠡᠭᠡᠭᠰᠢᠯᠡᠭᠦᠯᠦᠨ᠂ ᠵᠠᠰᠠᠭ ᠤᠨ ᠵᠣᠷᠢᠯᠳᠠ ᠪᠠ ᠲᠥᠷᠥ ᠶᠢᠨ ᠪᠣᠳᠣᠯᠭ᠎ᠠ ᠶᠢ ᠭᠦᠨᠵᠡᠭᠡᠶ ᠤᠬᠠᠭᠤᠯᠬᠤ ᠶᠢᠨ ᠳᠣᠯᠠᠳᠠ᠂ 12 ᠰᠠᠷ᠎ᠠ ᠶᠢᠨ 6 ᠤ ᠡᠳᠦᠷ᠂ ᠡᠷᠢᠶᠡᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠡᠨ ᠬᠡᠷ ᠤᠨ ᠣᠷᠴᠢᠭᠤᠯᠭ᠎ᠠ ᠶᠢᠨ ᠰᠠᠯᠠᠭ᠎ᠠ ᠨᠢ ᠵᠠᠰᠠᠭ ᠤᠨ ᠣᠷᠳᠣᠨ ᠤ ᠮᠣᠩᠭᠤᠯ ᠰᠦᠯᠵᠢᠶᠡᠨ ᠤ ᠣᠬᠠᠭᠤᠯᠭ᠎ᠠ ᠶᠢᠨ ᠠᠵᠢᠯᠯᠠᠭ᠎ᠠ ᠦᠷᠨᠢᠬᠦᠯᠪᠡ᠃ ᠳᠣᠰ ᠣᠳᠠᠭᠠᠨ ᠤ ᠠᠵᠢᠯᠯᠠᠭ᠎ᠠ ᠨᠢ ᠲᠣᠣᠷ ᠰᠦᠯᠵᠢᠶ᠎ᠡ ᠪᠠᠷ ᠣᠬᠠᠭᠤᠯᠬᠤ ᠪᠠᠷ ᠭᠤᠣᠯ ᠪᠣᠯᠭᠠᠪᠠ᠃       ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ ᠨᠢ 2018 ᠣᠨ ᠤ 5 ᠰᠠᠷ᠎ᠠ ᠶᠢᠨ 25 ᠤ ᠡᠳᠦᠷ ᠵᠢᠩᠬᠢᠨᠢ ᠪᠠᠷ ᠪᠠᠶᠢᠭᠤᠯᠣᠭᠳᠠᠵᠦ᠂ ᠡᠳᠦᠭᠡ ᠨᠢᠭᠡᠨᠳᠠ 5 ᠵᠢᠯ ᠤᠨ ᠣᠢ ᠪᠣᠯᠣᠯ᠎ᠠ᠃ ᠮᠠᠨ ᠤ ᠰᠦᠯᠵᠢᠶ᠎ᠡ ᠨᠢ ︽ᠥᠨᠥᠳᠥᠷ ᠤᠨ ᠡᠷᠢᠶᠡᠨ ᠬᠤᠳᠠ︾᠂ ︽ᠬᠢᠯᠢ ᠶᠢᠨ ᠪᠠᠶᠢᠳᠠᠯ︾᠂ ︽ᠦᠢᠯᠡᠴᠢᠯᠡᠭᠡ︾᠂ ︽ᠰᠣᠷᠪᠣᠯᠵᠢᠯᠠᠭ᠎ᠠ︾᠂ ︽ᠲᠥᠷᠥ ᠶᠢᠨ ᠪᠣᠳᠣᠯᠭ᠎ᠠ ᠶᠢᠨ ᠲᠠᠶᠢᠯᠤᠮᠵᠢ︾᠂ ︽ᠲᠡᠷᠢᠭᠦᠨ ᠵᠤᠷᠪᠤᠰ︾ ᠵᠡᠷᠭᠡ ᠪᠤᠯᠤᠩ ᠲᠠᠢ ᠪᠠᠶᠢᠭᠰᠠᠨ ᠠᠴᠠ ᠪᠠᠨ ︽ ᠭᠡᠷᠡᠯᠳᠣᠠᠣᠳᠦ ᠰᠤᠮᠤ︾ ᠪᠠ ︽ᠣᠨᠴᠠᠯᠢᠭᠲᠤ ᠪᠤᠯᠤᠩ︾ ᠰᠢᠨ᠎ᠡ ᠪᠠᠷ ᠨᠡᠮᠡᠭᠳᠡᠵᠦ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ᠂ ᠠᠵᠢᠯ ᠶᠠᠪᠤᠳᠠᠯ ᠭᠦᠢᠴᠡᠳᠭᠡᠬᠦ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠰᠦᠯᠵᠢᠶᠡᠨ ᠳᠡᠭᠡᠷᠡᠬᠢ ᠵᠥᠪᠯᠡᠯᠭᠡ   ᠦᠭᠬᠦ ᠵᠡᠷᠭᠡ ᠡᠯᠪᠡᠭ ᠪᠠᠶᠠᠯᠢᠭ ᠠᠭᠤᠯᠭ᠎ᠠ ᠶᠢ ᠬᠠᠮᠤᠷᠴᠤ᠂ ᠬᠤᠲᠠ ᠶᠢᠨ ᠠᠷᠠᠳ ᠲᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠪᠠ ᠠᠵᠢᠯ ᠶᠠᠪᠤᠳᠠᠯ ᠭᠦᠢᠴᠡᠳᠭᠡᠬᠦ ᠬᠡᠷᠡᠭᠴᠡᠭᠡ ᠶᠢ ᠬᠠᠩᠭᠠᠭᠰᠠᠨ ᠪᠠᠶᠢᠨ᠎ᠠ᠃       ᠡᠭᠦᠨ ᠤ ᠬᠠᠮᠲᠤ᠂ ᠬᠤᠲᠠ ᠶᠢᠨ ᠠᠷᠠᠳ ᠲᠤ ᠨᠠᠩ ᠳᠥᠭᠦᠮ ᠳᠥᠲᠡ ᠦᠢᠯᠡᠴᠢᠯᠡᠭᠡ ᠬᠠᠩᠭᠠᠵᠦ᠂ ᠲᠥᠷᠥ ᠶᠢᠨ ᠪᠣᠳᠣᠯᠭ᠎ᠠ ᠶᠢ ᠦᠨᠳᠣᠰᠣᠨ ᠱᠠᠳᠣᠨ ᠳᠤ ᠬᠦᠨᠵᠡᠬᠡᠢ ᠳᠣᠣᠱᠯᠠᠭᠤᠯᠬᠤ ᠶᠢᠨ ᠳᠣᠯᠠᠳᠠ᠂ 2021 ᠣᠨ ᠤ 6 ᠰᠠᠷ᠎ᠠ ᠳᠤ  ︽ᠡᠷᠢᠶᠡᠨ ᠬᠤᠳᠠ ᠶᠢᠨ ᠵᠠᠰᠠᠭ ᠤᠨ ᠣᠷᠳᠣᠨ ᠤ ᠠᠯᠪᠠᠨ ᠨᠠᠶᠢᠳᠡᠯᠡᠯ︾ ᠭᠡᠬᠦ ᠸᠢᠴᠠᠲ ᠤᠨ ᠠᠯᠪᠠᠨ ᠳ᠋ᠤᠭᠠᠷ ᠢ ᠨᠡᠭᠡᠭᠡᠨ ᠠᠵᠢᠯᠯᠠᠭᠤᠯᠵᠦ᠂ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠶᠡᠭᠡ ᠪᠠᠷ ᠳᠥᠯᠭᠢᠨ ᠠᠬᠢᠭᠤᠯᠪᠠ᠃       ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ ᠪᠠ ᠸᠢᠴᠠᠲ ᠤᠨ ᠠᠯᠪᠠᠨ ᠳ᠋ᠤᠭᠠᠷ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠨᠠᠩ ᠲᠥᠬᠦᠮ ᠪᠦᠭᠡᠳ ᠥᠨᠳᠥᠷ ᠪᠦᠲᠦᠮᠵᠢᠲᠡᠶ ᠪᠠᠷ ᠬᠤᠲᠠ ᠶᠢᠨ ᠠᠷᠠᠳ ᠲᠤ ᠬᠦᠷᠭᠡᠵᠦ᠂ ᠵᠠᠰᠠᠭ ᠤᠨ ᠣᠷᠳᠣᠨ ᠬᠢᠭᠡᠳ ᠠᠷᠠᠳ ᠣᠯᠠᠨ ᠤ ᠬᠤᠭᠤᠷᠣᠨᠳᠣᠬᠢ ᠬᠠᠷᠢᠯᠴᠠᠭ᠎ᠠ ᠨᠡᠪᠲᠡᠷᠡᠯᠴᠡᠭᠡ ᠶᠢ ᠠᠬᠢᠭᠤᠯᠵᠤ᠂ ᠠᠷᠠᠳ ᠣᠯᠠᠨ ᠤ ᠰᠡᠳᠬᠢᠯ ᠳᠤ ᠵᠠᠰᠠᠭ ᠤᠨ ᠣᠷᠳᠣᠨ ᠤ ᠢᠲᠡᠭᠡᠯ ᠬᠦᠨᠳᠦ ᠶᠢ ᠨᠡᠮᠡᠭᠳᠡᠬᠦᠯᠪᠡ᠃ ᠬᠤᠳᠠ ᠶᠢᠨ ᠵᠠᠰᠠᠭ ᠤᠨ ᠣᠷᠳᠣᠨ ᠪᠣᠯᠤᠨ ᠥᠷᠭᠡᠨ ᠤᠯᠠᠨ ᠬᠤᠳᠠ ᠶᠢᠨ ᠠᠷᠠᠳ ᠤᠨ ᠬᠠᠮᠲᠤ ᠶᠢᠨ ᠴᠢᠷᠮᠠᠶᠢᠯᠭ᠎ᠠ ᠪᠠᠷ᠂ ᠪᠢᠳᠡ ᠣᠯᠠᠨ ᠳᠦᠮᠡᠨ ᠳᠤ ᠦᠢᠯᠡᠴᠢᠯᠡᠬᠦ ᠦᠢᠯᠡᠳᠦᠯ ᠢᠶᠠᠨ ᠨᠠᠩ ᠰᠠᠶᠢᠨ ᠪᠠᠳᠠᠷᠠᠭᠤᠯᠵᠤ᠂ ᠬᠤᠳᠠ ᠶᠢᠨ ᠵᠠᠰᠠᠭ ᠤᠨ ᠠᠵᠢᠯ ᠤᠨ ᠦᠷᠭᠦᠯᠵᠢᠯᠡᠨ᠂ ᠲᠣᠭᠲᠠᠭᠤᠨ᠂ ᠡᠮᠬᠢ ᠳᠢᠭᠯᠢᠮ ᠲᠠᠢ ᠬᠦᠭᠵᠢᠬᠦ ᠶᠢ ᠠᠬᠢᠭᠤᠯᠣᠭᠰᠠᠨ ᠪᠠᠶᠢᠨ᠎ᠠ᠃       ᠮᠠᠨ ᠤ ᠸᠢᠴᠠᠲ ᠳᠠᠪᠴᠠᠩ ᠳᠤ ᠠᠩᠬᠠᠷᠣᠯ ᠢᠶᠠᠨ ᠬᠠᠨᠳᠣᠭᠤᠯᠵᠦ᠂ ᠡᠷᠬᠢᠮ ᠨᠠᠨᠳᠢᠨ ᠰᠠᠨᠠᠯ ᠰᠠᠨᠠᠭᠤᠯᠭ᠎ᠠ  ᠪᠠᠨ ᠳᠣᠷᠠᠳᠬᠤ ᠶᠢ ᠴᠢᠨᠢ ᠪᠢᠳᠡ ᠴᠢᠩ ᠰᠠᠳᠬᠢᠯ ᠠᠴᠠ ᠪᠠᠨ ᠬᠦᠨᠳᠣᠳᠬᠡᠨ ᠬᠦᠰᠡᠵᠦ ᠪᠠᠶᠢᠨ᠎ᠠ  ︕
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号