【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠠᠷᠪᠠᠨ ᠵᠢᠯ ᠤᠨ ᠲᠤᠷᠰᠢ ︽ᠪᠣᠯᠣᠳ ᠲᠡᠮᠦᠷ ᠤᠨ ᠲᠡᠮᠡᠭᠡᠲᠦ ᠠᠩᠭᠢ︾ ᠨᠢ ︽ᠨᠢᠭᠡ ᠪᠦᠰᠡ ᠨᠢᠭᠡ ᠵᠠᠮ︾ ᠤᠨ ᠰᠢᠨ᠎ᠡ ᠭᠡᠷᠡᠯ ᠰᠠᠴᠤᠷᠠᠩᠭᠤᠶ ᠠᠮᠵᠢᠯᠲᠠ ᠶᠢ ᠭᠡᠷᠡᠴᠢᠯᠡᠪᠡ
ᠨᠡᠶᠢᠲᠡᠯᠡᠭᠰᠡᠨ ᠴᠠᠭ᠄
2023/12/8
  ᠡᠨᠡ ᠵᠢᠯ ᠪᠣᠯ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ ᠳᠤᠷᠠᠳᠤᠭᠰᠠᠨ ᠠᠷᠪᠠᠨ ᠵᠢᠯ ᠤᠨ ᠤᠢ ᠪᠣᠯᠤᠨ᠎ᠠ ᠂ ︽ᠨᠢᠭᠡ ᠪᠦᠰᠡ ᠨᠢᠭᠡ ᠵᠠᠮ︾ ᠤᠨ ᠴᠢᠬᠤᠯᠠ ᠬᠠᠮᠲᠤᠷᠠᠯᠴᠠᠭᠠᠨ ᠤ ᠬᠤᠯᠪᠣᠭᠠᠰᠤ ᠪᠣᠯᠤᠭᠰᠠᠨ ᠤ ᠬᠤᠪᠢ ᠳᠤ᠂ ᠴᠡᠴᠡᠭᠯᠡᠨ ᠬᠥᠭᠵᠢᠭᠰᠡᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠬᠦᠴᠦᠷᠬᠡᠭ ᠶᠡᠭᠡ ᠤᠶᠠᠨ ᠬᠠᠳᠠᠨ ᠴᠢᠨᠠᠷ ᠪᠣᠯᠤᠨ ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠢ ᠭᠦᠢᠴᠡᠳ ᠢᠯᠡᠷᠡᠭᠦᠯᠪᠡ᠃ ᠠᠷᠪᠠᠨ ᠵᠢᠯ ᠤᠨ ᠲᠤᠷᠰᠢ᠂ ᠡᠷᠢᠶᠡᠨ ᠪᠣᠭᠤᠮᠲᠠ ᠶᠢᠨ ᠬᠢᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠠᠮᠤᠷ ᠲᠦᠪᠰᠢᠨ ᠥᠨᠳᠥᠷ ᠪᠦᠲᠦᠮᠵᠢᠲᠡᠢ ᠠᠵᠢᠯᠯᠠᠬᠤ ᠶᠢ ᠪᠠᠲᠤᠯᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃
  2013 ᠣᠨ ᠳᠤ ᠡᠷᠢᠶᠡᠨ ᠪᠣᠭᠤᠮᠲᠠ ᠠᠩᠬ᠎ᠠ ᠤᠳᠠᠭ᠎ᠠ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢ ᠠᠶᠠᠯᠠᠭᠰᠠᠨ ᠠᠴᠠ ᠨᠠᠰᠢ᠂ 2023 ᠣᠨ ᠤ 10 ᠰᠠᠷ᠎ᠠ ᠶᠢᠨ ᠰᠢᠨᠡᠳ ᠢᠶᠠᠷ ᠣᠷᠣᠵᠤ ᠭᠠᠷᠬᠤ ᠪᠣᠯᠲᠠᠯ᠎ᠠ᠂ ᠪᠣᠭᠤᠮᠲᠠ ᠪᠠᠷ ᠣᠷᠣᠵᠤ ᠭᠠᠷᠬᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠠᠷᠠᠯᠵᠢᠶᠠᠨ ᠤ ᠦᠷᠳᠡᠭ 2000 ᠳ᠋ᠦᠩᠰᠢᠭᠤᠷ ᠲᠥᠭᠦᠷᠢᠭ ᠢ ᠳᠠᠪᠠᠵᠠᠢ᠃    ᠨᠢᠶᠧ ᠸᠧᠢ ᠳ᠋ᠦᠩ ᠪᠣᠯ ᠡᠷᠢᠶᠡᠨ ᠪᠣᠭᠤᠮᠲᠠ ᠶᠢᠨ ᠲᠡᠮᠦᠷ ᠵᠠᠮ ᠤᠨ ᠬᠢᠨᠠᠯᠲᠠ ᠬᠠᠮᠢᠶᠠᠷᠤᠯᠲᠠ ᠶᠢᠨ ᠬᠤᠶᠠᠳᠤᠭᠠᠷ ᠰᠠᠯᠠᠭᠠᠨ ᠤ ᠰᠠᠯᠠᠭᠠᠨ ᠳᠠᠷᠤᠭ᠎ᠠ ᠪᠣᠯᠤᠨ᠎ᠠ᠂ ᠡᠷᠢᠶᠡᠨ ᠪᠣᠭᠤᠮᠲᠠ ᠳᠤ᠂ ᠬᠢᠨᠠᠯᠲᠠ ᠬᠠᠮᠢᠶᠠᠷᠤᠯᠲᠠ ᠶᠢᠨ ᠠᠵᠢᠯ ᠪᠦᠬᠦᠯᠢ 10 ᠵᠢᠯ ᠶᠠᠪᠤᠭᠳᠠᠵᠤ᠂ ᠪᠣᠭᠤᠮᠲᠠ ᠶᠢᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠦᠭᠡᠢ ᠪᠠᠶᠢᠭᠰᠠᠨ ᠠᠴᠠ ᠪᠠᠨ ᠪᠠᠶᠢᠬᠤ ᠪᠣᠯᠵᠤ᠂ ᠰᠠᠭᠠᠳ ᠦᠭᠡᠢ ᠪᠠᠶᠢᠭᠰᠠᠨ ᠲᠡᠦᠬᠡᠲᠦ ᠴᠢᠨᠠᠷᠲᠠᠢ ᠳᠠᠪᠠᠯᠲᠠ ᠶᠢ ᠭᠡᠷᠡᠴᠢᠯᠡᠪᠡ᠃ ᠡᠬᠡ ᠭᠠᠵᠠᠷ  ᠳᠡᠭᠡᠷ᠎ᠡ ᠳᠠᠪᠬᠢᠵᠦ ᠪᠠᠶᠢᠭ᠎ᠠ ︽ᠪᠣᠯᠣᠳ ᠲᠡᠮᠦᠷ ᠤᠨ ᠲᠡᠮᠡᠭᠡᠨ ᠤ ᠠᠩᠭᠢ︾ ᠨᠢ ᠮᠢᠩᠭᠠᠨ ᠠᠭᠤᠯᠠ ᠲᠦᠮᠡᠨ ᠤᠰᠤ ᠶᠢ ᠳᠠᠪᠠᠵᠦ᠂ ᠬᠤᠯᠪᠣᠯᠳᠤᠨ ᠨᠡᠪᠲᠡᠷᠡᠯᠴᠡᠭᠰᠡᠨ ᠳᠡᠯᠡᠬᠡᠶᠢᠵᠢᠭᠰᠡᠨ ᠠᠷᠠᠯᠵᠢᠶᠠᠨ ᠤ ᠬᠠᠷᠢᠯᠴᠠᠭᠠᠨ ᠤ ᠳᠤᠮᠳᠠ ︽ᠬᠤᠷᠳᠤᠴᠠ ᠪᠠᠨ ᠲᠦᠷᠭᠡᠳᠬᠡᠵᠦ︾᠂ ᠨᠠᠩ ᠣᠯᠠᠨ ᠤᠯᠤᠰ ᠤᠨ ᠪᠠᠷᠠᠭ᠎ᠠ ᠭᠠᠳᠠᠭᠠᠳᠤ ᠳᠤ ᠭᠠᠷᠴᠤ᠂ ᠬᠢᠯᠢ ᠠᠯᠤᠰᠯᠠᠭᠰᠠᠨ ᠲᠠᠸᠠᠷ ᠤᠨ ᠰᠢᠯᠵᠢᠯᠲᠡ ᠨᠠᠩ ᠲᠥᠬᠦᠮ ᠪᠣᠯᠬᠤ ᠶᠢ ᠲᠤᠯᠭᠠᠭᠤᠷᠢᠯᠠᠵᠤ᠂ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠨᠠᠩ ᠣᠯᠠᠨ ᠠᠵᠠ ᠲᠣᠬᠢᠶᠠᠯ ᠲᠠᠢ ᠪᠣᠯᠵᠠᠶ᠃    2014 ᠣᠨ ᠠᠴᠠ ᠰᠡᠭᠦᠯᠡᠷ ᠡᠷᠢᠶᠡᠨ ᠬᠤᠲᠠ ᠶᠢᠨ ᠬᠢᠯᠢ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠠᠪᠤᠬᠤ ᠳᠣᠳᠣᠮ ᠰᠠᠶᠢᠵᠢᠷᠠᠵᠦ ᠪᠠᠶᠢᠨ᠎ᠠ᠃ ᠵᠠᠮ ᠱᠤᠭᠤᠮ ᠰᠠᠶ᠋ᠢᠬᠠᠨ ᠡᠬᠢᠯᠡᠭᠰᠡᠨ 2 ᠵᠤᠷᠪᠤᠰ ᠠᠴᠠ ᠨᠡᠮᠡᠭᠳᠡᠭᠡᠳ ᠣᠳᠣᠬᠠᠨ ᠤ 69 ᠵᠤᠷᠪᠤᠰ ᠪᠣᠯᠪᠠ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠦᠷᠦᠯ ᠵᠦᠢᠯ ᠨᠢ ᠵᠢᠮᠢᠰ ᠨᠣᠭᠤᠭ᠎ᠠ᠂ ᠡᠳᠦᠷ ᠳᠤᠳᠤᠮ ᠤᠨ ᠬᠡᠷᠡᠭᠯᠡᠭᠡᠨ ᠤ ᠪᠦᠷᠢᠨ ᠪᠠᠷᠠᠭ᠎ᠠ᠂ ᠭᠡᠷ ᠤᠨ ᠴᠠᠬᠢᠯᠭᠠᠨ ᠬᠡᠷᠡᠭᠰᠡᠯ᠂ ᠮᠣᠳᠣᠨ ᠡᠭᠡᠳᠡᠩ ᠤᠨ ᠬᠠᠪᠲᠠᠰᠤ ᠶᠢᠨ ᠮᠠᠲ᠋ᠧᠷᠢᠶᠠᠯ ᠠᠴᠠ ᠡᠮᠴᠢᠯᠡᠭᠡᠨ ᠤ ᠪᠠᠭᠠᠵᠢ ᠬᠡᠷᠡᠭᠰᠡᠯ᠂ ᠮᠠᠰᠢᠨ ᠲᠡᠷᠭᠡ᠂ ᠭᠡᠷᠡᠯ ᠴᠡᠨᠡᠭ ᠤᠨ ᠦᠢᠯᠡᠳᠬᠦᠨ᠂ ᠲᠣᠭᠠᠴᠢᠯᠠᠭᠰᠠᠨ ᠦᠢᠯᠡᠳᠬᠦᠨ ᠵᠡᠷᠭᠡ ᠵᠠᠭᠤ ᠭᠠᠷᠤᠢ ᠵᠦᠢᠯ ᠤᠨ ᠪᠠᠷᠠᠭ᠎ᠠ ᠶᠢ ᠬᠠᠮᠤᠷᠪᠠ᠃
  ᠨᠢᠶᠧ ᠸᠧᠶ ᠳ᠋ᠦᠩ ᠬᠡᠯᠡᠭᠰᠡᠨ ᠨᠢ᠄ ︽ᠣᠳᠣᠬᠠᠨ ᠳᠤ᠂ ᠵᠢᠰᠢᠶᠠᠨ ᠤ ᠭᠠᠯᠲᠤ ᠲᠡᠷᠭᠡᠨ ᠤ ᠲᠡᠭᠡᠭᠡᠪᠦᠷᠢ ᠶᠢᠨ ᠲᠥᠷᠥᠯ ᠵᠦᠢᠯ ᠲᠠᠰᠤᠷᠠᠯᠲᠠ ᠥᠬᠡᠶ ᠪᠠᠶᠠᠯᠢᠭᠵᠢᠵᠤ᠂ ᠡᠩ ᠤᠨ ᠪᠠᠷᠠᠭ᠎ᠠ ᠠᠴᠠ ᠥᠨᠳᠥᠷ ᠨᠡᠮᠡᠯᠲᠡ ᠥᠷᠲᠡᠭᠲᠦ ᠡᠳ᠋ ᠪᠣᠳᠠᠰ ᠳᠠᠰᠢ ᠠᠯᠬᠤᠮ ᠠᠯᠬᠤᠮ ᠢᠶᠠᠷ ᠰᠢᠯᠵᠢᠪᠡ᠃ ᠲᠡᠷᠡ ᠮᠥᠷᠲᠡᠭᠡᠨ ᠪᠤᠴᠠᠬᠤ ᠡᠭᠡᠯᠵᠢ ᠶᠢᠨ ᠭᠠᠯᠲᠤ ᠲᠡᠷᠭᠡ ᠶᠢᠨ ᠬᠤᠭᠤᠰᠣᠨ ᠬᠠᠶᠢᠷᠴᠠᠭ ᠤᠨ ᠨᠣᠷᠮ᠎ᠠ ᠵᠢᠯ ᠳᠠᠷᠠᠭᠠᠯᠠᠨ ᠪᠠᠭᠤᠷᠠᠵᠤ᠂ ᠣᠶᠢᠷ᠎ᠠ ᠶᠢᠨ ᠬᠡᠳᠦᠨ ᠵᠢᠯ ᠤᠨ ᠡᠭᠡᠯᠵᠢ ᠶᠢᠨ ᠭᠠᠯᠲᠤ ᠲᠡᠷᠭᠡ ᠶᠢᠨ ᠳᠦᠭᠦᠷᠬᠦ ᠨᠣᠷᠮ᠎ᠠ ᠶᠢ 95% ᠠᠴᠠ ᠳᠡᠭᠡᠭᠰᠢ ᠪᠠᠶᠢᠯᠭᠠᠨ᠎ᠠ︾ ᠭᠡᠪᠡ᠃    ᠠᠷᠪᠠᠨ ᠵᠢᠯ ᠤᠨ ᠲᠤᠷᠰᠢ᠂ ᠡᠷᠢᠶᠡᠨ ᠪᠣᠭᠤᠮᠲᠠ ᠪᠠᠷ ᠥᠩᠭᠡᠷᠡᠬᠦ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠠᠶᠠᠯᠠᠯ ᠤᠨ ᠱᠤᠭᠤᠮ᠂ ᠨᠡᠪᠲᠡᠷᠡᠬᠦ ᠲᠤᠭ᠎ᠠ ᠬᠡᠮᠵᠢᠶ᠎ᠡ᠂ ᠪᠠᠷᠠᠭᠠᠨ ᠤ ᠦᠷᠳᠡᠭ ᠵᠡᠷᠭᠡ ᠲᠤᠭ᠎ᠠ ᠪᠠᠷᠢᠮᠲᠠ ᠳᠤ ᠴᠥᠮ ᠭᠸᠣᠮᠧᠲᠷ ᠤᠨ ᠬᠡᠯᠪᠡᠷᠢ ᠪᠠᠷ ᠨᠡᠮᠡᠭᠳᠡᠬᠦ ᠪᠠᠶᠢᠳᠠᠯ ᠢᠯᠡᠷᠡᠪᠡ᠃ ᠨᠢᠳᠤᠨᠤᠨ᠂ ᠡᠷᠢᠶᠡᠨ ᠬᠤᠳᠠ ᠶᠢᠨ ᠲᠡᠮᠦᠷ ᠵᠠᠮ ᠤᠨ ᠪᠣᠭᠤᠮᠲᠠ ᠪᠠᠷ ᠣᠷᠣᠵᠤ ᠭᠠᠷᠬᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠪᠠᠷᠠᠭᠠᠨ ᠤ ᠦᠷᠳᠡᠭ ᠠᠩᠬ᠎ᠠ ᠤᠳᠠᠭ᠎ᠠ 300 ᠳ᠋ᠦᠩᠰᠢᠭᠤᠷ ᠲᠥᠭᠦᠷᠢᠭ ᠢ ᠳᠠᠪᠠᠵᠠᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号