【 ᠭᠤᠣᠯᠳᠠᠯᠭ᠎ᠠ ᠲᠠᠢ ᠲᠥᠷᠥᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠦᠨ᠎ᠡ 】 ᠮᠠᠨ ᠤ ᠬᠤᠲᠠ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠰᠢᠨ᠎ᠡ ᠪᠠᠷ 2 ᠡᠷᠦᠬᠡ ᠨᠡᠮᠡᠭᠳᠡᠭᠦᠯᠪᠡ
ᠨᠡᠶᠢᠲᠡᠯᠡᠭᠰᠡᠨ ᠴᠠᠭ᠄
2023/12/8
  ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠪᠣᠯ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠬᠢᠷᠢ ᠬᠡᠮᠵᠢᠶ᠎ᠡ ᠶᠢ ᠬᠡᠮᠵᠢᠬᠦ ᠴᠢᠬᠤᠯᠠ ᠭᠦᠢᠴᠡᠳᠬᠡᠬᠦ ᠲᠤᠭ᠎ᠠ ᠪᠣᠯᠤᠨ᠎ᠠ᠃ ᠣᠶᠢᠷ᠎ᠠ ᠳᠤ᠂ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠾᠧ ᠵᠢᠤᠢ ᠶᠤᠸᠠᠨ ᠠᠷᠠᠯᠵᠢᠶᠠᠨ ᠤ ᠬᠢᠵᠠᠭᠠᠷᠲᠤ ᠺᠣᠮᠫᠠᠨᠢ᠂ ᠰᠢᠨ ᠢ ᠠᠵᠤ ᠦᠢᠯᠡᠳᠪᠦᠷᠢ ᠠᠷᠠᠯᠵᠢᠶᠠᠨ ᠤ ᠬᠢᠵᠠᠭᠠᠷᠲᠤ ᠺᠣᠮᠫᠠᠨᠢ 2 ᠠᠵᠤ ᠠᠬᠤᠶᠢᠯᠠᠯ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠢᠨᠠᠨ ᠬᠠᠷᠭᠤᠭᠤᠯᠤᠯᠲᠠ ᠪᠠᠷ ᠳᠡᠮᠵᠢᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠬᠡᠪᠴᠢᠶᠡᠨ ᠳᠤ ᠣᠷᠣᠭᠤᠯᠵᠠᠶ᠃ ᠣᠳᠣᠬᠠᠨ ᠪᠣᠯᠲᠠᠯ᠎ᠠ᠂ ᠮᠠᠨ ᠤ ᠬᠤᠲᠠ ᠰᠢᠯᠢ ᠶᠢᠨ ᠭᠤᠤᠯ ᠠᠶᠢᠮᠠᠭ ᠤᠨ ᠡᠨᠡ ᠵᠢᠯ ᠤᠨ ᠲᠠᠰ ᠳᠡᠪᠰᠢᠭᠦᠯᠦᠨ ᠨᠢᠭᠡᠳᠬᠡᠬᠦ ᠡᠭᠦᠷᠭᠡ ᠬᠠᠷᠠᠯᠲᠠ ᠶᠢ ᠳᠠᠪᠠᠭᠤᠯᠤᠨ ᠪᠡᠶᠡᠯᠡᠭᠦᠯᠪᠡ᠃    ᠡᠨᠡ ᠵᠢᠯ ᠠᠴᠠ ᠨᠠᠰᠢ᠂ ᠮᠠᠨ ᠤ ᠬᠤᠲᠠ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠪᠤᠶᠢᠵᠢᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠪᠣᠭᠤᠮᠲᠠ ᠶᠢᠨ ᠠᠵᠤ ᠠᠬᠤᠶ ᠶᠢᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠬᠤ ᠪᠠ ᠠᠵᠤ ᠠᠬᠤᠶᠢᠯᠠᠯ ᠢᠶᠠᠷ ᠭᠤᠤᠯᠯᠠᠭᠤᠯᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠪᠤᠶᠢᠵᠢᠭᠤᠯᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠪᠣᠭᠤᠮᠲᠠ ᠶᠢᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃ ᠣᠳᠣᠬᠠᠨ ᠳᠤ ᠪᠦᠬᠦ ᠬᠤᠲᠠ ᠳᠤ 15 ᠡᠷᠦᠬᠡ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠪᠠᠶᠢᠨ᠎ᠠ᠃      ᠾᠧ ᠵᠢᠤᠢ ᠶᠤᠸᠠᠨ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ 200 ᠲᠦᠮᠡᠨ ᠲᠣᠨ ᠬᠢᠮᠡᠯ ᠬᠡᠰᠡᠭ ᠠᠭᠤᠷᠬᠠᠶ ᠪᠣᠯ ᠮᠠᠨ ᠤ ᠬᠤᠲᠠ ᠶᠢᠨ ᠡᠨᠡ ᠵᠢᠯ ᠤᠨ ᠣᠷᠣᠭᠤᠯᠤᠨ ᠠᠪᠴᠢᠷᠠᠭᠰᠠᠨ ᠤᠷᠲᠤᠳᠬᠠᠭᠰᠠᠨ ᠲᠡᠮᠦᠷ ᠤᠨ ᠬᠦᠳᠡᠷ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠪᠣᠯᠤᠨ᠎ᠠ᠂ ᠶᠡᠷᠦᠩᠬᠡᠶ ᠪᠠᠯᠠ ᠣᠷᠣᠭᠤᠯᠤᠯᠲᠠ ᠨᠢ 5 ᠳ᠋ᠦᠩᠰᠢᠭᠤᠷ ᠭᠠᠷᠤᠶ ᠲᠥᠭᠦᠷᠢᠭ ᠪᠠᠶᠢᠵᠤ᠂ ᠵᠠᠰᠠᠭ ᠤᠨ ᠣᠷᠳᠣᠨ ᠤ ᠳᠡᠮᠵᠢᠯᠭᠡ ᠳᠣᠤᠷ᠎ᠠ᠂ ᠲᠣᠰ ᠵᠢᠯ ᠳᠤ ᠪᠥᠲᠥᠭᠡᠨ ᠪᠠᠶᠢᠭᠤᠯᠵᠤ᠂ ᠲᠣᠰ ᠵᠢᠯ ᠳᠤ ᠠᠰᠢᠭᠯᠠᠯᠲᠠ ᠳᠤ ᠣᠷᠣᠭᠤᠯᠵᠤ᠂ ᠲᠣᠰ ᠵᠢᠯ ᠳᠤ ᠲᠠᠷᠢᠶᠠᠨ ᠭᠠᠵᠠᠷ ᠢ ᠨᠢᠭᠡᠳᠦᠯᠲᠡᠶ ᠪᠣᠯᠭᠠᠬᠤ ᠶᠢ ᠪᠡᠶᠡᠯᠡᠭᠦᠯᠦᠨ᠎ᠡ᠃    ᠣᠶᠢᠯᠠᠭᠠᠭᠰᠠᠨ ᠢᠶᠠᠷ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠠ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ︽ᠥᠪᠥᠷ ᠮᠣᠩᠭᠤᠯ ᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠳᠡᠮᠵᠢᠵᠦ ︿ᠲᠠᠪᠤᠨ ᠶᠡᠭᠡ ᠡᠭᠦᠷᠭᠡ﹀ ᠶᠢ ᠴᠢᠨᠠᠷ ᠰᠠᠶᠢᠲᠠᠶ ᠪᠡᠶᠡᠯᠡᠭᠦᠯᠬᠦ ᠶᠢᠨ ᠬᠡᠷᠡᠭᠵᠢᠭᠦᠯᠬᠦ ᠰᠠᠨᠠᠯ︾ ᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠪᠣᠭᠤᠮᠲᠠ ᠶᠢᠨ ᠳᠠᠪᠠᠭᠤᠯᠢᠭ ᠲᠤ ᠲᠦᠰᠢᠭᠯᠡᠨ᠂ ᠴᠢᠨᠠᠷ ᠰᠠᠶᠢᠲᠠᠶ ᠬᠥᠭᠵᠢᠯᠲᠡ ᠶᠢᠨ ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂ ᠠᠵᠤ ᠦᠢᠯᠡᠳᠪᠦᠷᠢ ᠶᠢ ᠲᠡᠷᠢᠭᠦᠨ ᠳᠤ ᠲᠠᠯᠪᠢᠬᠤ᠂ ᠦᠢᠯᠡᠳᠬᠦ ᠶᠢ ᠴᠢᠬᠤᠯᠠᠴᠢᠯᠠᠬᠤ ᠶᠢ ᠪᠠᠷᠢᠮᠲᠠᠯᠠᠵᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡ ᠪᠠᠷ ᠳᠡᠭᠡᠭᠰᠢᠯᠡᠭᠦᠯᠬᠦ ᠶᠢ ᠠᠬᠢᠭᠤᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号