ᠡᠨᠡ ᠵᠢᠯ ᠪᠣᠯ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ ᠳᠤᠷᠠᠳᠤᠭᠰᠠᠨ ᠠᠷᠪᠠᠨ ᠵᠢᠯ ᠤᠨ ᠤᠢ | ᠪᠣᠯᠤᠨ᠎ᠠ᠂ ︽ᠨᠢᠭᠡ ᠪᠦᠰᠡ ᠨᠢᠭᠡ ᠵᠠᠮ︾ ᠤᠨ ᠴᠢᠬᠤᠯᠠ ᠬᠠᠮᠲᠤᠷᠠᠯᠴᠠᠭᠠᠨ ᠤ ᠬᠤᠯᠪᠣᠭᠠᠰᠤ ᠪᠣᠯᠤᠭᠰᠠᠨ ᠤ | ᠬᠤᠪᠢ ᠳᠤ᠂ ᠴᠡᠴᠡᠭᠯᠡᠨ ᠬᠥᠭᠵᠢᠭᠰᠡᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ︽ᠨᠢᠭᠡ | ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠬᠦᠴᠦᠷᠬᠡᠭ ᠶᠡᠭᠡ ᠤᠶᠠᠨ ᠬᠠᠳᠠᠨ ᠴᠢᠨᠠᠷ ᠪᠣᠯᠤᠨ | ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠢ ᠭᠦᠢᠴᠡᠳ ᠢᠯᠡᠷᠡᠭᠦᠯᠪᠡ᠃ ᠠᠷᠪᠠᠨ ᠵᠢᠯ ᠤᠨ ᠲᠤᠷᠰᠢ᠂ ᠡᠷᠢᠶᠡᠨ | ᠪᠣᠭᠤᠮᠲᠠ ᠶᠢᠨ ᠬᠢᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠠᠮᠤᠷ ᠲᠦᠪᠰᠢᠨ ᠥᠨᠳᠥᠷ | ᠪᠦᠲᠦᠮᠵᠢᠲᠡᠢ ᠠᠵᠢᠯᠯᠠᠬᠤ ᠶᠢ ᠪᠠᠲᠤᠯᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ | 2013 ᠣᠨ ᠳᠤ ᠡᠷᠢᠶᠡᠨ ᠪᠣᠭᠤᠮᠲᠠ ᠠᠩᠬ᠎ᠠ ᠤᠳᠠᠭ᠎ᠠ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ | ᠲᠡᠷᠭᠡ ᠶᠢ ᠠᠶᠠᠯᠠᠭᠰᠠᠨ ᠠᠴᠠ ᠨᠠᠰᠢ᠂ 2023 ᠣᠨ ᠤ 10 ᠰᠠᠷ᠎ᠠ ᠶᠢᠨ ᠰᠢᠨᠡᠳ ᠢᠶᠠᠷ ᠣᠷᠣᠵᠤ ᠭᠠᠷᠬᠤ ᠪᠣᠯᠲᠠᠯ᠎ᠠ᠂ | ᠪᠣᠭᠤᠮᠲᠠ ᠪᠠᠷ ᠣᠷᠣᠵᠤ ᠭᠠᠷᠬᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠠᠷᠠᠯᠵᠢᠶᠠᠨ ᠤ | ᠦᠷᠳᠡᠭ 2000 ᠳ᠋ᠦᠩᠰᠢᠭᠤᠷ ᠲᠥᠭᠦᠷᠢᠭ ᠢ ᠳᠠᠪᠠᠵᠠᠢ᠃ | ᠨᠢᠶᠧ ᠸᠧᠢ ᠳ᠋ᠦᠩ ᠪᠣᠯ ᠡᠷᠢᠶᠡᠨ ᠪᠣᠭᠤᠮᠲᠠ ᠶᠢᠨ ᠲᠡᠮᠦᠷ ᠵᠠᠮ ᠤᠨ ᠬᠢᠨᠠᠯᠲᠠ ᠬᠠᠮᠢᠶᠠᠷᠤᠯᠲᠠ ᠶᠢᠨ ᠬᠤᠶᠠᠳᠤᠭᠠᠷ | ᠰᠠᠯᠠᠭᠠᠨ ᠤ ᠰᠠᠯᠠᠭᠠᠨ ᠳᠠᠷᠤᠭ᠎ᠠ ᠪᠣᠯᠤᠨ᠎ᠠ᠂ ᠡᠷᠢᠶᠡᠨ ᠪᠣᠭᠤᠮᠲᠠ ᠳᠤ᠂ ᠬᠢᠨᠠᠯᠲᠠ ᠬᠠᠮᠢᠶᠠᠷᠤᠯᠲᠠ ᠶᠢᠨ ᠠᠵᠢᠯ ᠪᠦᠬᠦᠯᠢ | 10 ᠵᠢᠯ ᠶᠠᠪᠤᠭᠳᠠᠵᠤ᠂ ᠪᠣᠭᠤᠮᠲᠠ ᠶᠢᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠦᠭᠡᠢ | ᠪᠠᠶᠢᠭᠰᠠᠨ ᠠᠴᠠ ᠪᠠᠨ ᠪᠠᠶᠢᠬᠤ ᠪᠣᠯᠵᠤ᠂ ᠰᠠᠭᠠᠳ ᠦᠭᠡᠢ ᠪᠠᠶᠢᠭᠰᠠᠨ ᠲᠡᠦᠬᠡᠲᠦ ᠴᠢᠨᠠᠷᠲᠠᠢ ᠳᠠᠪᠠᠯᠲᠠ ᠶᠢ ᠭᠡᠷᠡᠴᠢᠯᠡᠪᠡ | ᠃ ᠡᠬᠡ ᠭᠠᠵᠠᠷ ᠳᠡᠭᠡᠷ᠎ᠡ ᠳᠠᠪᠬᠢᠵᠦ ᠪᠠᠶᠢᠭ᠎ᠠ ︽ᠪᠣᠯᠣᠳ ᠲᠡᠮᠦᠷ ᠤᠨ ᠲᠡᠮᠡᠭᠡᠨ ᠤ ᠠᠩᠭᠢ︾ ᠨᠢ ᠮᠢᠩᠭᠠᠨ ᠠᠭᠤᠯᠠ | ᠲᠦᠮᠡᠨ ᠤᠰᠤ ᠶᠢ ᠳᠠᠪᠠᠵᠦ᠂ ᠬᠤᠯᠪᠣᠯᠳᠤᠨ ᠨᠡᠪᠲᠡᠷᠡᠯᠴᠡᠭᠰᠡᠨ ᠳᠡᠯᠡᠬᠡᠶᠢᠵᠢᠭᠰᠡᠨ ᠠᠷᠠᠯᠵᠢᠶᠠᠨ ᠤ ᠬᠠᠷᠢᠯᠴᠠᠭᠠᠨ ᠤ | ᠳᠤᠮᠳᠠ ︽ᠬᠤᠷᠳᠤᠴᠠ ᠪᠠᠨ ᠲᠦᠷᠭᠡᠳᠬᠡᠵᠦ︾᠂ ᠨᠠᠩ ᠣᠯᠠᠨ ᠤᠯᠤᠰ ᠤᠨ ᠪᠠᠷᠠᠭ᠎ᠠ ᠭᠠᠳᠠᠭᠠᠳᠤ ᠳᠤ ᠭᠠᠷᠴᠤ᠂ | ᠬᠢᠯᠢ ᠠᠯᠤᠰᠯᠠᠭᠰᠠᠨ ᠲᠠᠸᠠᠷ ᠤᠨ ᠰᠢᠯᠵᠢᠯᠲᠡ ᠨᠠᠩ ᠲᠥᠬᠦᠮ ᠪᠣᠯᠬᠤ ᠶᠢ ᠲᠤᠯᠭᠠᠭᠤᠷᠢᠯᠠᠵᠤ᠂ ᠣᠷᠣᠨ ᠪᠦᠰᠡ ᠶᠢᠨ | ᠠᠵᠤ ᠠᠬᠤᠶ ᠶᠢᠨ ᠬᠥᠭᠵᠢᠯᠲᠡ ᠨᠠᠩ ᠣᠯᠠᠨ ᠠᠵᠠ ᠲᠣᠬᠢᠶᠠᠯ ᠲᠠᠢ ᠪᠣᠯᠵᠠᠶ᠃ | 2014 ᠣᠨ ᠠᠴᠠ ᠰᠡᠭᠦᠯᠡᠷ ᠡᠷᠢᠶᠡᠨ ᠬᠤᠲᠠ ᠶᠢᠨ ᠬᠢᠯᠢ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ | ᠡᠭᠡᠯᠵᠢ ᠶᠢᠨ ᠭᠠᠯᠲᠤ ᠲᠡᠷᠭᠡ ᠶᠠᠪᠤᠬᠤ ᠳᠣᠳᠣᠮ ᠰᠠᠶᠢᠵᠢᠷᠠᠵᠦ ᠪᠠᠶᠢᠨ᠎ᠠ᠃ ᠵᠠᠮ ᠱᠤᠭᠤᠮ ᠰᠠᠶ᠋ᠢᠬᠠᠨ ᠡᠬᠢᠯᠡᠭᠰᠡᠨ 2 | ᠵᠤᠷᠪᠤᠰ ᠠᠴᠠ ᠨᠡᠮᠡᠭᠳᠡᠭᠡᠳ ᠣᠳᠣᠬᠠᠨ ᠤ 69 ᠵᠤᠷᠪᠤᠰ ᠪᠣᠯᠪᠠ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ ᠪᠠᠷᠠᠭᠠᠨ ᠤ ᠲᠦᠷᠦᠯ ᠵᠦᠢᠯ ᠨᠢ ᠵᠢᠮᠢᠰ ᠨᠣᠭᠤᠭ᠎ᠠ᠂ ᠡᠳᠦᠷ ᠳᠤᠳᠤᠮ ᠤᠨ ᠬᠡᠷᠡᠭᠯᠡᠭᠡᠨ ᠤ ᠪᠦᠷᠢᠨ ᠪᠠᠷᠠᠭ᠎ᠠ᠂ | ᠭᠡᠷ ᠤᠨ ᠴᠠᠬᠢᠯᠭᠠᠨ ᠬᠡᠷᠡᠭᠰᠡᠯ᠂ ᠮᠣᠳᠣᠨ ᠡᠭᠡᠳᠡᠩ ᠤᠨ ᠬᠠᠪᠲᠠᠰᠤ ᠶᠢᠨ ᠮᠠᠲ᠋ᠧᠷᠢᠶᠠᠯ ᠠᠴᠠ ᠡᠮᠴᠢᠯᠡᠭᠡᠨ ᠤ ᠪᠠᠭᠠᠵᠢ | ᠬᠡᠷᠡᠭᠰᠡᠯ᠂ ᠮᠠᠰᠢᠨ ᠲᠡᠷᠭᠡ᠂ ᠭᠡᠷᠡᠯ ᠴᠡᠨᠡᠭ ᠤᠨ ᠦᠢᠯᠡᠳᠬᠦᠨ᠂ ᠲᠣᠭᠠᠴᠢᠯᠠᠭᠰᠠᠨ ᠦᠢᠯᠡᠳᠬᠦᠨ ᠵᠡᠷᠭᠡ ᠵᠠᠭᠤ ᠭᠠᠷᠤᠢ | ᠵᠦᠢᠯ ᠤᠨ ᠪᠠᠷᠠᠭ᠎ᠠ ᠶᠢ ᠬᠠᠮᠤᠷᠪᠠ᠃ | ᠨᠢᠶᠧ ᠸᠧᠶ ᠳ᠋ᠦᠩ ᠬᠡᠯᠡᠭᠰᠡᠨ ᠨᠢ᠄ ︽ᠣᠳᠣᠬᠠᠨ ᠳᠤ᠂ ᠵᠢᠰᠢᠶᠠᠨ ᠤ ᠭᠠᠯᠲᠤ ᠲᠡᠷᠭᠡᠨ ᠤ ᠲᠡᠭᠡᠭᠡᠪᠦᠷᠢ ᠶᠢᠨ | ᠲᠥᠷᠥᠯ ᠵᠦᠢᠯ ᠲᠠᠰᠤᠷᠠᠯᠲᠠ ᠥᠬᠡᠶ ᠪᠠᠶᠠᠯᠢᠭᠵᠢᠵᠤ᠂ ᠡᠩ ᠤᠨ ᠪᠠᠷᠠᠭ᠎ᠠ ᠠᠴᠠ ᠥᠨᠳᠥᠷ ᠨᠡᠮᠡᠯᠲᠡ ᠥᠷᠲᠡᠭᠲᠦ ᠡᠳ᠋ | ᠪᠣᠳᠠᠰ ᠳᠠᠰᠢ ᠠᠯᠬᠤᠮ ᠠᠯᠬᠤᠮ ᠢᠶᠠᠷ ᠰᠢᠯᠵᠢᠪᠡ᠃ ᠲᠡᠷᠡ ᠮᠥᠷᠲᠡᠭᠡᠨ ᠪᠤᠴᠠᠬᠤ ᠡᠭᠡᠯᠵᠢ ᠶᠢᠨ ᠭᠠᠯᠲᠤ ᠲᠡᠷᠭᠡ ᠶᠢᠨ | ᠬᠤᠭᠤᠰᠣᠨ ᠬᠠᠶᠢᠷᠴᠠᠭ ᠤᠨ ᠨᠣᠷᠮ᠎ᠠ ᠵᠢᠯ ᠳᠠᠷᠠᠭᠠᠯᠠᠨ ᠪᠠᠭᠤᠷᠠᠵᠤ᠂ ᠣᠶᠢᠷ᠎ᠠ ᠶᠢᠨ ᠬᠡᠳᠦᠨ ᠵᠢᠯ ᠤᠨ ᠡᠭᠡᠯᠵᠢ ᠶᠢᠨ | ᠭᠠᠯᠲᠤ ᠲᠡᠷᠭᠡ ᠶᠢᠨ ᠳᠦᠭᠦᠷᠬᠦ ᠨᠣᠷᠮ᠎ᠠ ᠶᠢ 95% ᠠᠴᠠ ᠳᠡᠭᠡᠭᠰᠢ ᠪᠠᠶᠢᠯᠭᠠᠨ᠎ᠠ︾ ᠭᠡᠪᠡ᠃ | ᠠᠷᠪᠠᠨ ᠵᠢᠯ ᠤᠨ ᠲᠤᠷᠰᠢ᠂ ᠡᠷᠢᠶᠡᠨ ᠪᠣᠭᠤᠮᠲᠠ ᠪᠠᠷ ᠥᠩᠭᠡᠷᠡᠬᠦ ᠳᠤᠮᠳᠠᠳᠤ ᠡᠸᠦ᠋ᠷᠦᠫᠡ ᠶᠢᠨ ᠵᠢᠰᠢᠶᠠᠨ ᠤ | ᠭᠠᠯᠲᠤ ᠲᠡᠷᠭᠡ ᠶᠢᠨ ᠠᠶᠠᠯᠠᠯ ᠤᠨ ᠱᠤᠭᠤᠮ᠂ ᠨᠡᠪᠲᠡᠷᠡᠬᠦ ᠲᠤᠭ᠎ᠠ ᠬᠡᠮᠵᠢᠶ᠎ᠡ᠂ ᠪᠠᠷᠠᠭᠠᠨ ᠤ ᠦᠷᠳᠡᠭ ᠵᠡᠷᠭᠡ ᠲᠤᠭ᠎ᠠ | ᠪᠠᠷᠢᠮᠲᠠ ᠳᠤ ᠴᠥᠮ ᠭᠸᠣᠮᠧᠲᠷ ᠤᠨ ᠬᠡᠯᠪᠡᠷᠢ ᠪᠠᠷ ᠨᠡᠮᠡᠭᠳᠡᠬᠦ ᠪᠠᠶᠢᠳᠠᠯ ᠢᠯᠡᠷᠡᠪᠡ᠃ ᠨᠢᠳᠤᠨᠤᠨ᠂ ᠡᠷᠢᠶᠡᠨ | ᠬᠤᠳᠠ ᠶᠢᠨ ᠲᠡᠮᠦᠷ ᠵᠠᠮ ᠤᠨ ᠪᠣᠭᠤᠮᠲᠠ ᠪᠠᠷ ᠣᠷᠣᠵᠤ ᠭᠠᠷᠬᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ | ᠲᠡᠷᠭᠡ ᠶᠢᠨ ᠪᠠᠷᠠᠭᠠᠨ ᠤ ᠦᠷᠳᠡᠭ ᠠᠩᠬ᠎ᠠ ᠤᠳᠠᠭ᠎ᠠ 300 ᠳ᠋ᠦᠩᠰᠢᠭᠤᠷ ᠲᠥᠭᠦᠷᠢᠭ ᠢ ᠳᠠᠪᠠᠵᠠᠢ᠃ |