ᠬᠤᠲᠠ ᠶᠢᠨ ᠤᠳᠤᠷᠢᠳᠤᠯᠭ᠎ᠠ ᠮᠣᠩᠭᠤᠯ ᠤᠯᠤᠰ ᠤᠨ ᠤᠯᠠᠭᠠᠨᠪᠠᠭᠠᠲᠤᠷ ᠬᠤᠲᠠ ᠶᠢᠨ ᠬᠠᠨ ᠠᠭᠤᠯᠠ ᠳᠦᠬᠦᠷᠭᠡ ᠶᠢᠨ ᠳᠡᠳ᠋ ᠳᠠᠷᠤᠭ᠎ᠠ  ᠪ᠊᠂ ᠴᠡᠷᠢᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2023/12/8
  ᠮᠠᠨ ᠤ ᠬᠤᠲᠠ ᠨᠢ ᠮᠣᠩᠭᠤᠯ ᠤᠯᠤᠰ ᠤᠨ ᠤᠯᠠᠭᠠᠨᠪᠠᠭᠠᠲᠤᠷ ᠬᠤᠲᠠ ᠶᠢᠨ ᠬᠠᠨ ᠠᠭᠤᠯᠠ ᠳᠦᠬᠦᠷᠭᠡ ᠲᠠᠢ 2004 ᠣᠨ ᠤ 6 ᠳ᠋ᠦ᠋ᠭᠡᠷ ᠰᠠᠷ᠎ᠠ ᠳᠤ ᠣᠯᠠᠨ ᠤᠯᠤᠰ ᠤᠨ ᠨᠠᠶᠢᠷᠠᠮᠳᠠᠯ ᠬᠠᠮᠲᠤ ᠶᠢᠨ ᠠᠵᠢᠯᠯᠠᠭᠠᠨ ᠤ ᠠᠯᠪᠠᠨ ᠶᠣᠰᠣᠭᠠᠷ ᠪᠠᠶᠢᠭᠤᠯᠤᠭᠰᠠᠨ ᠶᠤᠮ᠃ ᠬᠤᠶᠠᠷ ᠭᠠᠵᠠᠷ ᠤᠨ ᠨᠥᠬᠦᠷᠰᠡᠭ ᠬᠤᠲᠠ ᠶᠢᠨ ᠬᠠᠷᠢᠴᠠᠭ᠎ᠠ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠡᠯ᠎ᠡ ᠬᠦᠷᠢᠶᠡᠨ ᠤ ᠬᠠᠷᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠬᠤ ᠶᠢᠨ ᠳᠣᠯᠠᠳᠠ᠂ 12 ᠰᠠᠷ᠎ᠠ ᠶᠢᠨ 7 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠠᠩ ᠶᠢᠩ ᠵᠢᠶᠧ ᠮᠣᠩᠭᠤᠯ ᠤᠯᠤᠰ ᠤᠨ ᠤᠯᠠᠭᠠᠨᠪᠠᠭᠠᠲᠤᠷ ᠬᠤᠲᠠ ᠶᠢᠨ ᠬᠠᠨ ᠠᠭᠤᠯᠠ ᠳᠦᠬᠦᠷᠭᠡ ᠶᠢᠨ ᠳᠡᠳ᠋ ᠳᠠᠷᠤᠭ᠎ᠠ ᠪᠡ᠊᠂ ᠴᠡᠷᠢᠨ ᠲᠠᠢ ᠠᠭᠤᠯᠵᠠᠵᠤ᠂ 2024 ᠣᠨ ᠤ ᠬᠤᠶᠠᠷ ᠲᠠᠯ᠎ᠠ ᠶᠢᠨ ᠨᠥᠬᠦᠷᠰᠡᠭ ᠬᠤᠲᠠ ᠪᠠᠶᠢᠭᠤᠯᠤᠭᠰᠠᠨ 20 ᠵᠢᠯ ᠤᠨ ᠣᠢ ᠶᠢ ᠪᠡᠯᠭᠡᠯᠡᠬᠦ ᠠᠵᠢᠯᠯᠠᠭ᠎ᠠ᠂ ᠬᠥᠮᠥᠰ ᠤᠨ ᠰᠣᠯᠢᠯᠴᠠᠭ᠎ᠠ᠂ ᠪᠠᠷᠠᠭᠠᠨ ᠤ ᠠᠷᠠᠯᠵᠢᠶ᠎ᠠ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠪᠠ᠃
  ᠰᠠᠭᠤᠳᠠᠯ ᠤᠨ ᠬᠤᠷᠠᠯ ᠳᠡᠭᠡᠷ᠎ᠡ᠂ ᠪ᠊ · ᠴᠡᠷᠢᠨ ᠤᠯᠠᠭᠠᠨᠪᠠᠭᠠᠲᠤᠷ ᠬᠤᠳᠠ ᠶᠢᠨ ᠬᠠᠨ ᠠᠭᠤᠯᠠ ᠲᠣᠭᠤᠷᠢᠭ ᠤᠨ ᠲᠦᠢᠮᠣ ᠪᠠᠶᠢᠳᠠᠯ ᠢ ᠲᠣᠪᠴᠢ ᠲᠠᠨᠢᠯᠴᠠᠭᠤᠯᠪᠠ᠃ ᠲᠡᠷᠡ᠂ ᠡᠷᠢᠶᠡᠨ ᠬᠤᠳᠠ ᠶᠢᠨ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ ᠮᠠᠰᠢ ᠶᠡᠭᠡ ᠬᠤᠪᠢᠷᠠᠯᠲᠠ ᠲᠠᠢ ᠪᠣᠯᠵᠠᠢ᠂ ᠪᠢᠳᠡ ᠢᠯᠡᠭᠦᠬᠡᠨ ᠰᠤᠷᠤᠯᠴᠠᠵᠤ᠂ ᠢᠯᠡᠭᠦᠬᠡᠨ ᠯᠠᠪᠯᠠᠯᠲᠠ ᠪᠣᠯᠭᠠᠬᠤ ᠬᠡᠷᠡᠭᠲᠡᠢ᠃ ᠢᠷᠡᠬᠦ ᠵᠢᠯ ᠪᠣᠯ ᠬᠤᠶᠠᠷ ᠬᠤᠳᠠ ᠶᠢᠨ ᠨᠥᠬᠦᠷᠰᠡᠭ ᠬᠤᠳᠠ ᠶᠢ ᠪᠠᠶᠢᠭᠤᠯᠤᠭᠰᠠᠨ 20 ᠵᠢᠯ ᠤᠨ ᠤᠢ ᠪᠣᠯᠤᠨ᠎ᠠ᠂ ᠬᠤᠶᠠᠷ ᠲᠠᠯ᠎ᠠ ᠪᠠᠷ ᠢᠶᠠᠨ ᠤᠯᠠᠨ ᠬᠡᠯᠪᠡᠷᠢ ᠶᠢᠨ ᠪᠡᠯᠭᠡᠯᠡᠬᠦ ᠠᠵᠢᠯᠯᠠᠭ᠎ᠠ ᠶᠢ ᠬᠠᠮᠲᠤᠪᠠᠷ ᠡᠷᠬᠢᠯᠡᠵᠦ᠂ ᠡᠯ᠎ᠡ ᠬᠦᠷᠢᠶᠡᠨ ᠤ ᠬᠠᠷᠢᠯᠴᠠᠭ᠎ᠠ ᠪᠠᠨ ᠭᠦᠨᠵᠡᠭᠡᠶᠢᠷᠡᠭᠦᠯᠬᠦ ᠪᠣᠯᠤᠨ᠎ᠠ᠃ ᠡᠭᠦᠨ ᠤ ᠬᠠᠮᠲᠤ ᠡᠷᠢᠶᠡᠨ ᠬᠤᠲᠠ ᠪᠠ ᠬᠠᠨ ᠠᠭᠤᠯᠠ ᠳᠦᠬᠦᠷᠭᠡ ᠶᠢᠨ ᠬᠤᠲᠠ ᠶᠢᠨ ᠶᠠᠪᠤᠳᠠᠯ ᠤᠨ ᠮᠠᠰᠢᠨ ᠲᠥᠬᠦᠭᠡᠷᠦᠮᠵᠢ ᠬᠤᠳᠠᠯᠳᠤᠨ ᠠᠪᠴᠤ ᠪᠣᠭᠤᠮᠲᠠ ᠥᠩᠭᠡᠷᠡᠬᠦ᠂ ᠠᠵᠢᠯᠲᠠᠨ ᠲᠣᠭᠤᠷᠢᠨ ᠦᠵᠡᠵᠦ ᠰᠤᠷᠤᠯᠴᠠᠬᠤ᠂ ᠮᠡᠷᠭᠡᠵᠢᠯ ᠤᠨ ᠰᠣᠯᠢᠯᠴᠠᠭ᠎ᠠ ᠬᠢᠬᠦ ᠵᠡᠷᠭᠡ ᠲᠠᠯ᠎ᠠ ᠪᠠᠷ ᠨᠠᠩ ᠣᠯᠠᠨ ᠳᠡᠮᠵᠢᠯᠭᠡ ᠬᠠᠩᠭᠠᠬᠤ ᠶᠢ ᠬᠦᠰᠡᠵᠦ ᠪᠠᠶᠢᠨ᠎ᠠ ᠭᠡᠪᠡ
  ᠵᠠᠩ ᠶᠢᠩ ᠵᠢᠶᠧ᠂ ᠴᠡᠷᠢᠨ ᠨᠠᠷ ᠤᠨ ᠠᠶᠢᠯᠴᠢᠯᠠᠷ᠎ᠠ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ ᠂ ᠮᠠᠨ ᠤ ᠬᠤᠲᠠ ᠶᠡᠷᠦ ᠠᠴᠠ ᠭᠠᠳᠠᠭᠠᠳᠤ ᠲᠠᠢ ᠨᠥᠬᠦᠷᠰᠡᠭ ᠰᠣᠯᠢᠯᠴᠠᠭᠠᠨ ᠤ ᠠᠵᠢᠯᠯᠠᠭ᠎ᠠ ᠶᠢ ᠴᠢᠬᠤᠯᠠᠴᠢᠯᠠᠵᠤ᠂ ᠮᠣᠩᠭᠤᠯ ᠤᠨ ᠲᠠᠯ᠎ᠠ ᠲᠠᠢ ᠬᠠᠮᠲᠤ ᠪᠠᠷ ᠨᠥᠬᠦᠷᠰᠡᠭ ᠬᠤᠲᠠ ᠪᠠᠶᠢᠭᠤᠯᠤᠭᠰᠠᠨ 20 ᠵᠢᠯ ᠤᠨ ᠣᠢ ᠶᠢ ᠪᠡᠯᠭᠡᠯᠡᠬᠦ ᠠᠵᠢᠯᠯᠠᠭ᠎ᠠ ᠶᠢ ᠰᠠᠶᠢᠲᠤᠷ ᠡᠷᠭᠢᠯᠡᠨ᠎ᠡ ᠭᠡᠵᠡᠢ᠃ ᠬᠠᠨ ᠠᠭᠤᠯᠠ ᠲᠣᠭᠤᠷᠢᠭ ᠤᠨ ᠠᠵᠤ ᠦᠢᠯᠡᠳᠪᠦᠷᠢ ᠶᠢᠨ ᠰᠠᠭᠤᠷᠢ ᠰᠠᠶᠢᠨ᠂ ᠠᠵᠤ ᠠᠬᠤᠶᠢᠯᠠᠯ ᠣᠯᠠᠨ ᠪᠠᠶᠢᠵᠤ᠂ ᠢᠳᠡᠭᠡᠨ᠂ ᠡᠳᠦᠷ ᠲᠤᠲᠤᠮ ᠤᠨ ᠬᠡᠷᠡᠭᠯᠡᠭᠡᠨ ᠤ ᠵᠦᠢᠯ ᠵᠡᠷᠭᠡ ᠡᠳ᠋ ᠪᠠᠷᠠᠭ᠎ᠠ ᠶᠢ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠠᠷᠭ᠎ᠠ ᠵᠠᠮ ᠢᠶᠠᠷ ᠮᠠᠨ ᠤ ᠬᠤᠲᠠ ᠳᠤ ᠣᠷᠣᠭᠤᠯᠵᠤ ᠪᠣᠷᠣᠯᠠᠭᠤᠯᠬᠤ ᠶᠢ ᠪᠠᠶᠠᠷᠯᠠᠨ ᠤᠭᠲᠤᠵᠤ ᠪᠠᠶᠢᠨ᠎ᠠ᠂ ᠪᠢᠳᠡ ᠪᠣᠭᠤᠮᠲᠠ ᠪᠠᠷ ᠥᠩᠭᠡᠷᠡᠬᠦ᠂ ᠬᠠᠳᠠᠭᠠᠯᠠᠬᠤ ᠵᠡᠷᠭᠡ ᠲᠥᠬᠦᠮ ᠨᠥᠬᠦᠴᠡᠯ ᠢ ᠬᠠᠩᠭᠠᠵᠤ᠂ ᠬᠠᠮᠢᠶ᠎ᠠ ᠪᠥᠬᠦᠶ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭᠠᠨ ᠤ ᠲᠣᠭᠲᠠᠴᠠ ᠶᠢ ᠬᠠᠮᠲᠤ ᠪᠠᠷ ᠰᠦᠪᠡᠭᠴᠢᠯᠡᠨ ᠪᠠᠶᠢᠭᠤᠯᠵᠤ᠂ ᠨᠠᠩ ᠣᠯᠠᠨ ᠰᠣᠳᠣᠨ ᠬᠠᠷᠢᠯᠴᠠᠭᠠᠨ ᠤ ᠲᠠᠪᠴᠠᠩ ᠪᠠ ᠬᠠᠮᠲᠤᠷᠠᠯᠴᠠᠭᠠᠨ ᠤ ᠲᠥᠷᠥᠯ ᠵᠦᠢᠯ ᠢ ᠪᠣᠶ ᠪᠣᠯᠭᠠᠨ᠎ᠠ ᠭᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号