ᠮᠣᠩᠭᠤᠯ ᠤᠯᠤᠰ ᠤᠨ ᠦᠢ ᠣᠯᠠᠨ ᠬᠤᠳᠠᠯᠳᠤᠭᠠᠴᠢᠨ ᠡᠷᠢᠶᠡᠨ ᠬᠤᠲᠠ ᠳᠤ ᠢᠷᠡᠵᠦ ︽ᠴᠠᠭᠠᠨ ᠰᠠᠷ᠎ᠠ ᠶᠢᠨ ᠪᠠᠷᠠᠭ᠎ᠠ︾ ᠬᠤᠳᠠᠯᠳᠤᠨ ᠠᠪᠴᠤ ᠪᠣᠶ
ᠨᠡᠶᠢᠲᠡᠯᠡᠭᠰᠡᠨ ᠴᠠᠭ᠄
2023/2/10
      ᠮᠣᠩᠭᠤᠯ ᠤᠯᠤᠰ ᠤᠨ ᠴᠠᠭᠠᠨ ᠰᠠᠷ᠎ᠠ ᠶᠢᠨ ᠪᠠᠶᠠᠷ ᠢ ᠮᠣᠩᠭᠤᠯ ᠤᠨ ᠤᠯᠠᠷᠢᠯ ᠢᠶᠠᠷ ᠥᠩᠭᠡᠷᠡᠭᠦᠯᠳᠡᠭ᠂ ᠡᠨᠡ ᠵᠢᠯ ᠳᠤᠮᠳᠠᠳᠤ ᠤᠯᠤᠰ ᠤᠨ ᠴᠠᠭᠠᠨ ᠰᠠᠷ᠎ᠠ ᠶᠢᠨ ᠪᠠᠶᠠᠷ ᠲᠠᠢ ᠶᠠᠭ ᠰᠠᠶᠢᠬᠠᠨ 1 ᠰᠠᠷ᠎ᠠ ᠠᠯᠤᠰᠯᠠᠵᠤ ᠪᠠᠶᠢᠨ᠎ᠠ᠃ ᠳᠣᠲᠣᠨᠣ ᠨᠥᠬᠦᠷᠰᠡᠭ ᠠᠨᠳᠠ ᠪᠣᠯᠤᠭᠰᠠᠨ ᠤ ᠬᠤᠪᠢ ᠳᠤ᠂ ᠮᠣᠩᠭᠤᠯ ᠤᠯᠤᠰ ᠤᠨ ᠴᠠᠭᠠᠨ ᠰᠠᠷ᠎ᠠ ᠶᠢᠨ ᠠᠭᠤᠷ ᠠᠮᠢᠰᠬᠤᠯ ᠨᠢ ᠳᠤᠮᠳᠠᠳᠤ ᠤᠯᠤᠰ ᠤᠨ ᠴᠠᠭᠠᠨ ᠰᠠᠷ᠎ᠠ ᠶᠢᠨ ᠠᠭᠤᠷ ᠠᠮᠢᠰᠬᠤᠯ ᠲᠠᠢ ᠠᠳᠠᠯᠢ ᠪᠤᠰᠤ ᠶᠢᠨ ᠣᠨᠴᠠᠯᠢᠭ ᠲᠠᠢ ᠪᠠᠶᠢᠵᠤ᠂ ᠴᠠᠭᠠᠨ ᠰᠠᠷ᠎ᠠ ᠶᠢᠨ ᠪᠠᠷᠠᠭ᠎ᠠ ᠪᠠᠨ ᠪᠡᠯᠡᠳᠬᠡᠬᠦ ᠨᠢ ᠴᠥᠮ ᠴᠠᠭᠠᠨ ᠰᠠᠷ᠎ᠠ ᠶᠢᠨ ᠲᠡᠷᠢᠭᠦᠨ ᠴᠢᠬᠤᠯᠠ ᠶᠠᠪᠤᠳᠠᠯ ᠪᠣᠯᠣᠨ᠎ᠠ᠃ ᠣᠶᠢᠷ᠎ᠠ ᠳᠤ᠂ ᠮᠣᠩᠭᠤᠯ ᠤᠯᠤᠰ ᠤᠨ ᠣᠯᠠᠨ ᠬᠤᠳᠠᠯᠳᠤᠭᠠᠴᠢᠨ ᠡᠷᠢᠶᠡᠨ ᠬᠤᠲᠠ ᠳᠤ ᠢᠷᠡᠵᠦ᠂ ᠴᠠᠭᠠᠨ ᠰᠠᠷ᠎ᠠ ᠶᠢᠨ ᠪᠠᠷᠠᠭ᠎ᠠ ᠢᠶᠠᠨ ᠬᠤᠳᠠᠯᠳᠤᠨ  ᠠᠪᠴᠦ᠂ ᠪᠣᠭᠤᠮᠲᠠ ᠶᠢᠨ ᠠᠷᠠᠯᠵᠢᠶ᠎ᠠ ᠬᠤᠳᠠᠯᠳᠤᠭᠠᠨ ᠤ ᠵᠠᠬ᠎ᠠ ᠳᠡᠯᠭᠡᠭᠦᠷ ᠤᠯᠠᠮ ᠢᠶᠠᠷ ᠬᠥᠭᠵᠢᠶᠡᠨ ᠲᠠᠢ ᠪᠣᠯᠪᠠ᠃
   ᠮᠠᠨ ᠤ ᠬᠤᠲᠠ ᠶᠢᠨ ᠸᠧᠨᠵᠸᠤ ᠶᠢᠨ ᠣᠯᠠᠨ ᠤᠯᠤᠰ ᠤᠨ ᠬᠤᠳᠠᠯᠳᠤᠭᠠᠨ ᠤ ᠬᠤᠲᠠ ᠪᠣᠯ ᠮᠣᠩᠭᠤᠯ ᠤᠯᠤᠰ ᠤᠨ ᠬᠤᠳᠠᠯᠳᠤᠭᠠᠴᠢᠨ ᠨᠡᠯᠢᠶᠡᠳ ᠲᠥᠪᠯᠡᠷᠡᠭᠰᠡᠨ ᠭᠠᠵᠠᠷ ᠪᠣᠯᠣᠨ᠎ᠠ᠃ ᠬᠤᠳᠠᠯᠳᠤᠭ᠎ᠠ ᠠᠷᠠᠯᠵᠢᠶᠠᠨ ᠤ ᠬᠤᠳᠠ ᠳᠤ ᠣᠷᠣᠬᠤ ᠳᠤ᠂ ᠮᠣᠩᠭᠤᠯ ᠤᠯᠤᠰ ᠤᠨ ᠠᠷᠠᠯᠵᠢᠶᠠᠴᠢᠳ ᠲᠣᠮᠣ ᠪᠠᠭ᠎ᠠ ᠪᠣᠭᠤᠳᠠᠯ ᠢᠶᠠᠨ ᠴᠢᠷᠦᠨ ᠵᠠᠬ᠎ᠠ ᠳᠡᠯᠭᠡᠭᠦᠷ ᠢᠶᠠᠷ ᠶᠠᠪᠤᠵᠤ᠂ ᠰᠠᠨᠠᠭᠠᠨ ᠳᠤ ᠨᠡᠶᠢᠴᠡᠭᠰᠡᠨ ᠡᠯ᠎ᠡ ᠲᠦᠷᠦᠯ ᠤᠨ ᠪᠠᠷᠠᠭ᠎ᠠ   ᠢᠶᠠᠨ ᠬᠠᠶᠢᠨ᠎ᠠ᠃
   ᠨᠢᠳᠦ ᠳᠦᠭᠦᠷᠡᠩ ᠭᠤᠶᠣ ᠲᠠᠸᠠᠷ ᠤᠨ ᠳᠣᠲᠣᠷ᠎ᠠ᠂ ᠡᠳᠦᠷ ᠲᠤᠲᠤᠮ ᠤᠨ ᠬᠤᠪᠴᠠᠰᠤ ᠬᠤᠨᠠᠷ᠂ ᠱᠠᠬᠠᠢ ᠣᠶᠢᠮᠤᠰᠤ ᠵᠢᠴᠢ ᠪᠤᠰᠤᠳ ᠪᠦᠷᠢᠨ ᠪᠠᠷᠠᠭᠠᠲᠤ ᠡᠳ᠋ᠯᠡᠯ ᠠᠴᠠ ᠭᠠᠳᠠᠨ᠎ᠠ᠂ ᠮᠣᠩᠭᠤᠯ ᠤᠯᠤᠰ ᠤᠨ ᠴᠠᠭᠠᠨ ᠰᠠᠷ᠎ᠠ ᠳᠤ ᠬᠡᠷᠡᠭᠰᠡᠬᠦ ᠵᠠᠷᠢᠮ ᠶᠣᠰᠣᠯᠠᠯ ᠤᠨ ᠡᠳ᠋ᠯᠡᠯ ᠤᠳ ᠴᠦ ᠣᠨᠴᠠᠭᠠᠶ ᠪᠣᠷᠤᠯᠠᠭᠤᠯᠭ᠎ᠠ ᠰᠠᠶᠢᠲᠠᠢ ᠪᠠᠶᠢᠳᠠᠭ᠃ ᠬᠥᠷ ᠨᠠᠷᠭᠢᠶᠠᠨ ᠲᠠᠢ ᠬᠥᠮᠥᠰ ᠤᠨ ᠳᠤᠮᠳᠠ᠂ ᠬᠤᠳᠠᠯᠳᠤᠭᠠᠴᠢᠳ ᠥᠪᠡᠷ ᠥᠪᠡᠷ ᠤᠨ ᠲᠠᠸᠠᠷ ᠢᠶᠠᠨ ᠬᠠᠯᠠᠭᠤᠨ ᠢᠶᠠᠷ ᠲᠠᠨᠢᠯᠴᠠᠭᠤᠯᠵᠤ᠂ ᠪᠠᠷᠠᠭ᠎ᠠ ᠪᠠᠨ ᠰᠠᠪᠠᠯᠠᠬᠤ ᠪᠠᠷ ᠶᠠᠭᠠᠷᠠᠯᠳᠤᠵᠤ᠂ ᠲᠠᠸᠠᠷ ᠢᠶᠠᠨ ᠲᠥᠷᠥᠯ ᠬᠤᠪᠢᠶᠠᠨ ᠡᠮᠬᠢᠯᠡᠵᠦ ᠲᠠᠯᠪᠢᠨ᠎ᠠ᠃ ᠬᠤᠳᠠᠯᠳᠤᠭ᠎ᠠ ᠮᠠᠶᠢᠮᠠᠢ ᠶᠢᠨ ᠬᠤᠶᠠᠷ ᠲᠠᠯ᠎ᠠ ᠪᠠᠷ ᠢᠶᠠᠨ ᠬᠢᠳᠠᠳ ᠮᠣᠩᠭᠤᠯ  ᠬᠡᠯᠡ ᠪᠠᠷ ᠦᠨ᠎ᠡ ᠬᠠᠶᠠᠯᠴᠠᠵᠤ᠂  ᠠᠷᠠᠯᠵᠢᠶ᠎ᠠ ᠬᠤᠳᠠᠯᠳᠤᠭᠠᠨ ᠤ ᠬᠥᠷ ᠨᠠᠷᠭᠢᠶᠠᠨ ᠲᠠᠢ᠃     ᠸᠧᠨᠵᠧᠦ ᠶᠢᠨ ᠣᠯᠠᠨ ᠤᠯᠤᠰ ᠤᠨ ᠬᠤᠳᠠᠯᠳᠤᠭᠠᠨ ᠤ ᠬᠤᠲᠠ ᠶᠢᠨ ᠨᠢᠭᠡᠨ ᠬᠤᠳᠠᠯᠳᠤᠭᠠᠴᠢᠨ ᠰᠤᠷᠪᠤᠯᠵᠢᠯᠠᠭᠴᠢ ᠳᠤ ᠬᠡᠯᠡᠬᠦ ᠳᠡᠭᠡᠨ᠂ ᠲᠡᠷᠡ ᠡᠮᠦᠨᠡᠲᠦ ᠣᠷᠣᠨ ᠠᠴᠠ ᠡᠷᠢᠶᠡᠨ ᠬᠤᠲᠠ ᠳᠤ ᠢᠷᠡᠵᠦ ᠮᠠᠶᠢᠮᠠᠢ ᠬᠢᠭᠡᠳ ᠨᠢᠭᠡᠨᠲᠡ ᠵᠢᠷᠭᠤᠭ᠎ᠠ ᠳᠣᠯᠣᠭᠠᠨ ᠵᠢᠯ ᠪᠣᠯᠵᠠᠢ᠂ ᠥᠭᠡᠷ᠎ᠡ ᠶᠢ ᠨᠢ ᠬᠡᠯᠡᠬᠦ ᠦᠭᠡᠢ᠂ ᠠᠳᠡ ᠦᠨᠡᠬᠡᠷ ᠮᠠᠰᠢ ᠶᠡᠭᠡ ᠬᠠᠶᠢᠷ᠎ᠠ ᠰᠡᠳᠬᠢᠯᠭᠡ ᠲᠠᠢ ᠪᠠᠶᠢᠨ᠎ᠠ ᠭᠡᠵᠡᠢ᠃ ᠣᠳᠣ ᠪᠣᠭᠤᠮᠲᠠ ᠨᠡᠭᠡᠭᠡᠭᠳᠡᠭᠰᠡᠨ ᠤ ᠳᠠᠷᠠᠭ᠎ᠠ ᠮᠣᠩᠭᠤᠯᠴᠤᠳ ᠬᠤᠶᠢᠨ᠎ᠠ ᠬᠤᠶᠢᠨ᠎ᠠ ᠠᠴᠠ ᠪᠠᠨ ᠢᠷᠡᠵᠦ ᠲᠠᠸᠠᠷ ᠬᠤᠳᠠᠯᠳᠤᠨ ᠠᠪᠴᠤ ᠪᠠᠶᠢᠬᠤ ᠪᠥᠭᠡᠳ ᠬᠤᠳᠠᠯᠳᠤᠭᠠᠨ ᠤ ᠭᠠᠵᠠᠷ ᠤᠨ ᠬᠥᠮᠥᠰ ᠤᠯᠠᠮ ᠤᠯᠠᠮ ᠢᠶᠠᠷ ᠣᠯᠠᠰᠢᠷᠠᠬᠤ ᠶᠢ ᠬᠠᠷᠠᠭᠠᠳ ᠲᠡᠳᠡᠨ ᠤ ᠡᠳᠡᠭᠡᠷ ᠬᠤᠳᠠᠯᠳᠤᠭᠠᠨ ᠤ ᠭᠠᠵᠠᠷ ᠢᠶᠠᠨ ᠰᠠᠬᠢᠵᠤ ᠪᠠᠶᠢᠭ᠎ᠠ ᠬᠤᠳᠠᠯᠳᠤᠭᠠᠴᠢᠳ ᠤᠨ ᠢᠲᠡᠭᠡᠯ ᠵᠣᠷᠢᠭ ᠴᠤ ᠭᠦᠢᠴᠡᠳ ᠪᠣᠯᠤᠭᠰᠠᠨ ᠪᠠᠶᠢᠨ᠎ᠠ᠃ ᠬᠡᠳᠦᠶᠢᠪᠡᠷ ᠭᠤᠷᠪᠠᠨ ᠵᠢᠯ ᠤᠨ ᠬᠢᠵᠢᠭ ᠤᠨ ᠪᠠᠶᠢᠳᠠᠯ ᠢᠶᠠᠷ ᠳᠡᠮᠵᠢᠨ᠂ ᠵᠠᠷᠢᠮ ᠲᠣᠭᠲᠠᠮᠠᠯ ᠮᠣᠩᠭᠤᠯ ᠬᠤᠳᠠᠯᠳᠤᠭᠠᠴᠢᠨ ᠸᠢᠴᠠᠲ ᠢᠶᠠᠷ ᠪᠠᠷᠠᠭ᠎ᠠ ᠵᠠᠬᠢᠶᠠᠯᠠᠬᠤ ᠳᠤ ᠦᠨᠳᠦᠰᠦᠨ ᠳᠡᠭᠡᠨ ᠳᠠᠰᠴᠠᠢ᠂ ᠭᠡᠪᠡᠴᠦ ᠪᠠᠰᠠ ᠣᠯᠠᠩᠬᠢ ᠨᠢ ᠥᠪᠡᠷ ᠢᠶᠠᠨ ᠢᠷᠡᠵᠦ ᠬᠤᠳᠠᠯᠳᠤᠨ ᠠᠪᠬᠤ ᠳᠤ ᠨᠡᠯᠢᠶᠡᠳ ᠰᠠᠨᠠᠭ᠎ᠠ ᠠᠮᠤᠷ ᠪᠠᠶᠢᠳᠠᠭ᠃ ᠡᠷᠢᠶᠡᠨ ᠬᠤᠳᠠ ᠶᠢᠨ ᠬᠢᠯᠢ ᠶᠢᠨ ᠪᠣᠭᠤᠮᠲᠠ ᠯᠠᠪᠳᠠᠶ᠎ᠠ ᠠᠭᠠᠵᠢᠮ ᠢᠶᠠᠷ ᠰᠠᠶᠢᠵᠢᠷᠠᠨ᠎ᠠ ᠭᠡᠳᠡᠭ ᠲᠤ ᠪᠠᠲᠤ ᠢᠲᠡᠭᠡᠵᠦ ᠪᠠᠶᠢᠨ᠎ᠠ ᠭᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号