ᠬᠤᠲᠠ ᠶᠢᠨ ᠶᠠᠪᠤᠳᠠᠯ᠂ ᠴᠡᠴᠡᠷᠯᠢᠭ ᠬᠦᠷᠢᠶᠡᠯᠡᠩ ᠤᠨ ᠬᠠᠮᠢᠶ᠎ᠠ ᠪᠦᠬᠦᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/2/2
    1 ᠰᠠᠷ᠎ᠠ ᠶᠢᠨ 31 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ ᠬᠤᠲᠠ ᠶᠢᠨ ᠶᠠᠪᠤᠳᠠᠯ᠂  ᠴᠡᠴᠡᠷᠯᠢᠭᠵᠢᠬᠦᠯᠦᠯᠳᠠ ᠣᠶᠢᠵᠢᠭᠤᠯᠣᠯᠳᠠ ᠶᠢᠨ ᠬᠠᠮᠢᠶ᠎ᠠ ᠪᠦᠬᠦᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃      ᠯᠦ ᠪᠦᠦ ᠳ᠋ᠦᠩ ᠨᠠᠷ᠂ ᠡᠮᠦᠨ᠎ᠡ ᠬᠦᠬᠦᠷᠭᠡ ᠶᠢᠨ ᠵᠠᠮ ᠤᠨ ᠬᠤᠶᠠᠷ ᠬᠠᠵᠠᠭᠤ ᠶᠢᠨ ᠨᠣᠭᠤᠭᠠᠷᠠᠭᠤᠯᠤᠯᠲᠠ ᠶᠢᠨ ᠥᠭᠡᠷᠡᠴᠢᠯᠡᠯᠲᠡ ᠶᠢᠨ ᠢᠨᠵᠧᠨᠧᠷᠢᠩ᠂ ᠬᠤᠨᠳᠣ ᠨᠠᠭᠤᠷ ᠤᠨ ᠴᠡᠴᠡᠷᠯᠢᠭ ᠢ ᠰᠡᠯᠪᠢᠨ ᠵᠠᠰᠠᠵᠤ ᠥᠭᠡᠷᠡᠴᠢᠯᠡᠬᠦ ᠢᠨᠵᠧᠨᠧᠷᠢᠩ᠂ ᠤᠯᠠᠭᠠᠨ ᠲᠣᠭᠤᠷᠢᠭ ᠤᠨ ᠡᠮᠦᠨ᠎ᠡ ᠤᠮᠠᠷ᠎ᠠ ᠵᠡᠬᠡᠯᠡᠢ ᠭᠤᠳᠤᠮᠵᠢ᠂ ᠺᠢᠨᠣ᠋ ᠲᠧᠯᠸᠢᠰ ᠤᠨ ᠭᠤᠳᠤᠮᠵᠢ ᠶᠢᠨ ᠵᠠᠮ ᠤᠨ ᠭᠠᠳᠠᠷᠭᠤ ᠶᠢ ᠰᠡᠯᠪᠢᠨ ᠵᠠᠰᠠᠬᠤ ᠢᠨᠵᠧᠨᠧᠷᠢᠩ᠂ ᠣᠯᠢᠮᠫᠢᠺ ᠴᠡᠴᠡᠷᠯᠢᠭ ᠤᠨ ᠤᠰᠤᠨ ᠰᠢᠰᠲ᠋ᠧᠮ ᠢ ᠰᠡᠯᠪᠢᠨ ᠵᠠᠰᠠᠬᠤ ᠢᠨᠵᠧᠨᠧᠷᠢᠩ ᠵᠡᠷᠭᠡ ᠲᠦᠷᠦᠯ ᠵᠦᠢᠯ ᠢ ᠲᠤᠬᠠᠢ ᠶᠢᠨ ᠲᠠᠯᠠᠪᠠᠢ ᠳᠤ ᠨᠢ ᠬᠦᠷᠴᠦ᠂ ᠠᠰᠠᠭᠤᠨ ᠯᠠᠪᠯᠠᠨ᠂ ᠡᠯ᠎ᠡ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠪᠠ᠃      ᠯᠦ ᠪᠦᠦ ᠳ᠋ᠦᠩ ᠴᠢᠬᠤᠯᠠᠴᠢᠯᠠᠭᠰᠠᠨ ᠨᠢ᠂ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠪᠣᠯ ᠠᠷᠠᠳ ᠤᠨ ᠠᠮᠢᠳᠤᠷᠠᠯ ᠤᠨ ᠠᠮᠢᠵᠢᠷᠠᠭ᠎ᠠ ᠶᠢ ᠰᠠᠶᠢᠵᠢᠷᠠᠭᠤᠯᠬᠤ᠂ ᠬᠤᠳᠠ ᠶᠢᠨ ᠳᠡᠰ ᠵᠡᠷᠭᠡᠯᠡᠯ ᠢ ᠳᠡᠭᠡᠭᠰᠢᠯᠡᠭᠦᠯᠬᠦ ᠴᠢᠬᠤᠯᠠ ᠭᠠᠷᠳᠠᠴᠠ ᠮᠥᠨ᠂ ᠡᠯ᠎ᠡ ᠰᠠᠯᠠᠭ᠎ᠠ ᠮᠥᠴᠢᠷ ᠤᠨ ᠬᠢᠨ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠦᠵᠡᠯ ᠰᠠᠨᠠᠭ᠎ᠠ ᠪᠠᠨ ᠴᠢᠨᠠᠭᠰᠢᠳᠠ ᠨᠢᠭᠡᠳᠬᠡᠵᠦ᠂ ᠤᠷᠢᠳᠴᠢᠯᠠᠨ ᠲᠥᠯᠥᠪᠵᠢᠭᠦᠯᠵᠦ᠂ ᠡᠮᠦᠨᠡᠬᠢ ᠬᠤᠭᠤᠴᠠᠭᠠᠨ ᠤ ᠰᠠᠭᠤᠷᠢ ᠠᠵᠢᠯ ᠢ ᠰᠠᠶᠢᠲᠤᠷ ᠬᠢᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠪᠣᠳᠠᠲᠠᠢ ᠠᠳᠬᠤᠬᠤ ᠬᠡᠷᠡᠭᠲᠡᠢ ᠭᠡᠪᠡ᠃ ᠨᠣᠭᠤᠭᠠᠷᠠᠭᠤᠯᠤᠯᠲᠠ ᠶᠢᠨ ᠥᠭᠡᠷᠡᠴᠢᠯᠡᠯᠲᠡ ᠳᠤ ᠭᠤᠣᠯᠳᠠᠯᠭ᠎ᠠ ᠶᠢ ᠲᠣᠪᠤᠶᠢᠯᠭᠠᠨ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠲᠥᠯᠥᠪᠯᠡᠭᠡ ᠶᠣᠰᠣᠭᠠᠷ ᠡᠮᠬᠢ ᠵᠢᠷᠤᠮ ᠲᠠᠢ ᠪᠠᠷ ᠲᠦᠯᠬᠢᠨ ᠠᠬᠢᠭᠤᠯᠬᠤ ᠬᠡᠷᠡᠭᠲᠡᠢ᠃ ᠴᠡᠴᠡᠷᠯᠢᠭ ᠢ ᠰᠡᠯᠪᠢᠨ ᠵᠠᠰᠠᠵᠤ ᠥᠭᠡᠷᠡᠴᠢᠯᠡᠬᠦ ᠳᠤ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠪᠠᠷᠠᠬᠤ ᠦᠭᠡᠢ᠂ ᠪᠠᠰᠠ ᠪᠣᠳᠠᠲᠠᠢ ᠲᠠᠢ ᠪᠠᠨ ᠤᠶᠠᠯᠳᠤᠭᠤᠯᠤᠨ᠂ ᠥᠭᠡᠷᠡᠴᠢᠯᠡᠬᠦ ᠬᠦᠷᠢᠶ᠎ᠡ ᠬᠡᠪᠴᠢᠶ᠎ᠡ ᠪᠠ ᠥᠭᠡᠷᠡᠴᠢᠯᠡᠬᠦ ᠠᠭᠤᠯᠭ᠎ᠠ ᠶᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ ᠲᠣᠭᠲᠠᠭᠠᠬᠤ ᠬᠡᠷᠡᠭᠲᠡᠢ᠃ ᠬᠤᠳᠠ ᠶᠢᠨ ᠵᠡᠬᠡᠯᠢ ᠭᠤᠳᠣᠮᠵᠢ ᠶᠢᠨ ᠵᠠᠮ ᠢ ᠰᠡᠯᠪᠢᠨ ᠵᠠᠰᠠᠬᠤ ᠳᠤ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠣᠨᠣᠪᠴᠢᠳᠠᠢ ᠪᠠᠷ ᠬᠦᠴᠦᠯᠡᠵᠦ᠂ ᠳᠣᠭᠤᠷᠢᠭ ᠬᠤᠪᠢᠶᠠᠨ ᠱᠠᠲᠤ ᠬᠤᠪᠢᠶᠠᠨ ᠬᠡᠷᠡᠭᠵᠢᠭᠦᠯᠵᠦ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠠᠯ᠎ᠠ ᠪᠠᠷ ᠬᠦᠴᠦ ᠲᠠᠯᠪᠢᠵᠤ᠂ ᠴᠡᠪᠡᠷ ᠲᠠᠭᠠᠯᠠᠮᠵᠢᠲᠠᠢ ᠪᠥᠭᠡᠳ ᠣᠷᠣᠰᠢᠨ ᠰᠠᠭᠤᠬᠤ ᠳᠤ ᠲᠣᠬᠢᠷᠠᠮᠵᠢᠲᠠᠢ ᠬᠤᠳᠠ ᠶᠢᠨ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠬᠤ ᠬᠡᠷᠡᠭᠲᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号