ᠣᠷᠣᠰ ᠤᠨ ᠴᠢᠩᠭᠡᠯᠢᠭ ᠤᠨ ᠲᠡᠭᠡᠭᠡᠪᠦᠷᠢ ᠶᠢᠨ ᠺᠣᠮᠫᠠᠨᠢ ᠶᠢᠨ ᠰᠢᠨᠵᠢᠯᠡᠨ ᠪᠠᠶᠢᠴᠠᠭᠠᠬᠤ ᠪᠦᠯᠬᠦᠮ ᠮᠠᠨ ᠤ ᠬᠤᠲᠠ ᠶᠢᠨ ᠬᠡᠰᠡᠭ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠲᠠᠢ ᠶᠠᠷᠢᠯᠴᠠᠪᠠ
ᠨᠡᠶᠢᠲᠡᠯᠡᠭᠰᠡᠨ ᠴᠠᠭ᠄
2023/2/21
      2 ᠰᠠᠷ᠎ᠠ ᠶᠢᠨ 16 ᠤ ᠡᠳᠦᠷ᠂ ᠣᠷᠣᠰ ᠤᠨ ᠲᠡᠮᠦᠷ ᠵᠠᠮ ᠤᠨ ᠴᠢᠩᠭᠡᠯᠢᠭ ᠤᠨ ᠬᠤᠪᠢ ᠣᠷᠣᠭᠤᠯᠤᠭᠰᠠᠨ ᠺᠣᠮᠫᠠᠨᠢ ᠶᠢᠨ ᠰᠢᠨᠵᠢᠯᠡᠨ ᠪᠠᠶᠢᠴᠠᠭᠠᠬᠤ ᠪᠦᠯᠬᠦᠮ ᠮᠠᠨ ᠤ ᠬᠤᠲᠠ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠬᠡᠰᠡᠭ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠲᠠᠢ ᠶᠠᠷᠢᠯᠴᠠᠬᠤ ᠬᠤᠷᠠᠯ ᠬᠢᠵᠡᠢ᠃      ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠳᠤᠮᠳᠠᠳᠤ ᠮᠣᠩᠭᠤᠯ ᠣᠷᠣᠰ ᠤᠨ ᠬᠢᠯᠢ ᠠᠯᠤᠰᠯᠠᠭᠰᠠᠨ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠳᠤ ᠣᠷᠣᠰᠢᠵᠤ ᠪᠠᠶᠢᠭ᠎ᠠ ᠬᠦᠴᠢᠷᠳᠡᠯ ᠪᠠ ᠬᠡᠷᠡᠭᠴᠡᠭᠡ ᠵᠡᠷᠭᠡ ᠲᠠᠯ᠎ᠠ ᠪᠠᠷ ᠬᠠᠷᠢᠯᠴᠠᠨ ᠰᠠᠨᠠᠯ ᠢᠶᠠᠨ ᠰᠣᠯᠢᠯᠴᠠᠭᠰᠠᠨ ᠪᠥᠭᠡᠳ ᠬᠢᠯᠢ ᠠᠯᠤᠰᠯᠠᠭᠰᠠᠨ ᠲᠡᠭᠡᠭᠡᠪᠦᠷᠢ ᠶᠢᠨ ᠴᠢᠳᠠᠪᠤᠷᠢ᠂ ᠪᠣᠭᠤᠮᠲᠠ ᠪᠠᠷ ᠥᠩᠭᠡᠷᠡᠬᠦ ᠲᠤᠭ᠎ᠠ᠂ ᠬᠦᠴᠦᠨ ᠲᠠᠢ ᠬᠤᠭᠤᠴᠠᠭ᠎ᠠ ᠵᠡᠷᠭᠡ ᠬᠠᠮᠲᠤ ᠪᠠᠷ ᠠᠩᠬᠠᠷᠴᠤ ᠪᠠᠶᠢᠭ᠎ᠠ ᠠᠰᠠᠭᠤᠳᠠᠯ ᠤᠨ ᠲᠣᠭᠤᠷᠢᠨ ᠳᠤ ᠭᠦᠨᠵᠡᠭᠡᠢ ᠰᠤᠳᠤᠯᠤᠨ ᠶᠠᠷᠢᠯᠴᠠᠪᠠ᠃      ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠢᠯᠡᠷᠬᠡᠶᠢᠯᠡᠬᠦ ᠳᠡᠭᠡᠨ᠂ ᠡᠷᠢᠶᠡᠨ ᠬᠤᠲᠠ ᠶᠢᠨ ᠭᠠᠵᠠᠷ ᠵᠦᠢ ᠶᠢᠨ ᠪᠠᠶᠢᠷᠢᠰᠢᠯ ᠳᠠᠪᠠᠭᠤᠯᠢᠭ᠂ ᠵᠠᠮ ᠲᠡᠭᠡᠭᠡᠪᠦᠷᠢ ᠶᠢᠨ ᠨᠥᠬᠦᠴᠡᠯ ᠲᠥᠬᠦᠮ ᠪᠠᠶᠢᠳᠠᠭ᠂ ᠲᠣᠰ ᠤᠳᠠᠭᠠᠨ ᠤ ᠰᠢᠨᠵᠢᠯᠡᠨ ᠪᠠᠶᠢᠴᠠᠭᠠᠯᠲᠠ ᠪᠠᠷ ᠲᠣᠬᠢᠶᠠᠯ ᠪᠣᠯᠭᠠᠵᠤ᠂ ᠲᠣᠰ ᠪᠡᠶ᠎ᠡ ᠶᠢᠨ ᠲᠡᠭᠡᠭᠡᠪᠦᠷᠢ ᠶᠢᠨ ᠳᠠᠪᠠᠭᠤᠯᠢᠭ ᠢᠶᠠᠨ ᠪᠠᠳᠠᠷᠠᠭᠤᠯᠤᠨ᠂ ᠲᠡᠭᠡᠭᠡᠪᠦᠷᠢ ᠶᠢᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠡᠯ᠎ᠡ ᠵᠦᠢᠯ ᠤᠨ ᠥᠪᠡᠷ ᠤᠨ ᠥᠷᠲᠡᠭ ᠢ ᠪᠠᠭᠤᠷᠠᠭᠤᠯᠵᠤ᠂ ᠣᠷᠣᠰ ᠬᠢᠭᠡᠳ ᠡᠷᠢᠶᠡᠨ ᠬᠤᠲᠠ ᠶᠢᠨ ᠪᠣᠭᠤᠮᠲᠠ ᠶᠢᠨ ᠴᠠᠭᠠᠰᠤᠨ ᠡᠭᠡᠳᠡᠩ᠂ ᠮᠣᠳᠣᠨ ᠮᠠᠲ᠋ᠧᠷᠢᠶᠠᠯ ᠂ ᠠᠮᠤ ᠪᠤᠳᠠᠭ᠎ᠠ ᠵᠡᠷᠭᠡ ᠲᠠᠯ᠎ᠠ ᠶᠢᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠥᠷᠭᠡᠳᠬᠡᠬᠦ ᠳᠤ ᠬᠦᠴᠦᠨ ᠨᠡᠮᠡᠷᠢᠯᠡᠵᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠥᠷᠳᠡᠬᠦ ᠰᠢᠨ᠎ᠡ ᠪᠠᠶᠢᠳᠠᠯ ᠢ ᠪᠡᠶᠡᠯᠡᠭᠦᠯᠦᠨ᠎ᠡ ᠭᠡᠵᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号