| | 2 ᠳ᠋ᠤᠭᠠᠷ ᠰᠠᠷ᠎ᠠ ᠶᠢᠨ 18 ᠤ ᠡᠳᠦᠷ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ | ᠡᠷᠢᠶᠡᠨ ᠬᠤᠲᠠ ᠶᠢᠨ ᠣᠯᠠᠨ ᠤᠯᠤᠰ ᠤᠨ ᠳᠡᠭᠡᠳᠦ ᠰᠤᠷᠭᠠᠭᠤᠯᠢ ᠶᠢᠨ ᠮᠣᠩᠭᠤᠯ ᠤᠯᠤᠰ ᠤᠨ ᠠᠮᠢ ᠨᠠᠰᠤᠨ ᠤ | ᠰᠢᠨᠵᠢᠯᠡᠬᠦ ᠤᠬᠠᠭᠠᠨ ᠤ ᠶᠡᠭᠡ ᠰᠤᠷᠭᠠᠭᠤᠯᠢ ᠶᠢᠨ ︽2+2︾ ᠲᠠᠢ ᠬᠠᠮᠲᠤᠷᠠᠨ ᠵᠢᠩᠬᠢᠨᠢ ᠠᠩᠭᠢ ᠶᠢᠨ ᠰᠣᠷᠣᠭᠴᠢ | ᠬᠥᠮᠥᠵᠢᠭᠦᠯᠬᠦ ᠲᠥᠷᠥᠯ ᠵᠦᠢᠯ ᠤᠨ 42 ᠰᠣᠷᠣᠭᠴᠢ ᠮᠣᠩᠭᠤᠯ ᠤᠯᠤᠰ ᠲᠤ ᠬᠦᠷᠴᠦ ᠰᠤᠷᠤᠯᠴᠠᠪᠠ᠃ ᠡᠨᠡ ᠪᠣᠯ | ᠡᠷᠢᠶᠡᠨ ᠬᠤᠲᠠ ᠶᠢᠨ ᠪᠣᠭᠤᠮᠲᠠ ᠪᠠᠷ ᠥᠩᠭᠡᠷᠡᠬᠦ ᠶᠢ ᠰᠡᠷᠭᠦᠭᠡᠭᠰᠡᠨ ᠠᠴᠠ ᠨᠠᠰᠢᠬᠢ ᠠᠩᠬᠠᠨ ᠤ ᠪᠦᠯᠦᠭ ︽2+2︾ | ᠤᠨ ᠲᠥᠷᠥᠯ ᠵᠦᠢᠯ ᠢᠶᠠᠷ ᠮᠣᠩᠭᠤᠯ ᠣᠯᠣᠰ ᠲᠤ ᠰᠤᠷᠤᠯᠴᠠᠵᠤ ᠪᠠᠶᠢᠭ᠎ᠠ ᠰᠤᠷᠤᠭᠴᠢᠳ ᠪᠣᠯᠣᠨ᠎ᠠ᠃ | | | ᠡᠨᠡ 42 ᠰᠣᠷᠣᠭᠴᠢ ᠪᠣᠯ ᠴᠥᠮ ᠲᠣᠰ ᠳᠡᠭᠡᠳᠦ ᠰᠤᠷᠭᠠᠭᠤᠯᠢ ᠶᠢᠨ ᠠᠵᠤ ᠠᠬᠤᠢ ᠠᠷᠠᠯᠵᠢᠶᠠᠨ ᠤ ᠰᠠᠯᠪᠤᠷᠢ | ᠪᠠ ᠵᠢᠭᠤᠯᠴᠢᠯᠠᠯ ᠤᠨ ᠰᠠᠯᠪᠤᠷᠢ ᠠᠴᠠ ᠢᠷᠡᠭᠰᠡᠨ ᠶᠤᠮ᠃ ᠤᠯᠠᠨ ᠢᠶᠠᠷ ᠢᠶᠠᠨ᠂ ᠡᠷᠬᠢᠮ ᠨᠠᠨᠳᠢᠨ ᠰᠤᠷᠤᠯᠴᠠᠬᠤ ᠠᠵᠠ | ᠲᠣᠬᠢᠶᠠᠯ ᠢ ᠨᠠᠨᠳᠢᠩᠨᠠᠵᠤ᠂ ᠰᠢᠷᠭᠠᠭᠤ ᠬᠠᠲᠠᠭᠤᠵᠢᠯᠲᠠᠢ ᠰᠤᠷᠤᠯᠴᠠᠵᠤ᠂ ᠡᠬᠡ ᠰᠤᠷᠭᠠᠭᠤᠯᠢ ᠶᠢᠨ ᠢᠶᠠᠨ | ᠬᠥᠮᠥᠵᠢᠭᠦᠯᠦᠯ ᠢ ᠬᠥᠰᠡᠷᠳᠡᠭᠦᠯᠬᠦ ᠦᠭᠡᠢ ᠪᠠᠶᠢᠬᠤ ᠶᠢᠨ ᠬᠠᠮᠲᠤ ᠳᠤᠮᠳᠠᠳᠤ ᠮᠣᠩᠭᠤᠯ ᠤᠨ ᠰᠤᠷᠭᠠᠨ ᠬᠥᠮᠦᠵᠢᠯ ᠤᠨ | ᠬᠠᠮᠲᠤᠷᠠᠯᠴᠠᠭ᠎ᠠ ᠰᠣᠯᠢᠯᠴᠠᠭ᠎ᠠ ᠶᠢ ᠭᠦᠨᠵᠡᠭᠡᠶᠢᠷᠡᠭᠦᠯᠬᠦ ᠳᠤ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃ | | | ᠣᠶᠢᠯᠠᠭᠠᠭᠰᠠᠨ ᠢᠶᠠᠷ᠂ ᠣᠳᠣᠬᠠᠨ ᠳᠤ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠡᠷᠢᠶᠡᠨ | ᠬᠤᠲᠠ ᠶᠢᠨ ᠣᠯᠠᠨ ᠤᠯᠤᠰ ᠤᠨ ᠳᠡᠭᠡᠳᠦ ᠰᠤᠷᠭᠠᠭᠤᠯᠢ ᠮᠣᠩᠭᠤᠯ ᠤᠯᠤᠰ ᠤᠨ ᠰᠤᠷᠭᠠᠨ ᠬᠥᠮᠦᠵᠢᠯ ᠤᠨ ᠶᠡᠭᠡ | ᠰᠤᠷᠭᠠᠭᠤᠯᠢ᠂ ᠮᠣᠩᠭᠤᠯ ᠤᠯᠤᠰ ᠤᠨ ᠠᠮᠢ ᠨᠠᠰᠤᠨ ᠤ ᠰᠢᠨᠵᠢᠯᠡᠬᠦ ᠤᠬᠠᠭᠠᠨ ᠤ ᠶᠡᠭᠡ ᠰᠤᠷᠭᠠᠭᠤᠯᠢ᠂ ᠣᠷᠣᠰ ᠤᠨ | ᠺᠷᠠᠰᠨᠤᠶᠠᠷᠰᠺ ᠤᠨ ᠪᠠᠭᠰᠢ ᠶᠢᠨ ᠶᠡᠭᠡ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠡᠷᠭᠢᠯᠡᠬᠦ ᠬᠠᠷᠢᠴᠠᠭ᠎ᠠ ᠪᠠᠶᠢᠭᠤᠯᠵᠤ | ᠂ ᠰᠣᠷᠣᠭᠴᠢ ᠲᠡᠭᠦᠰᠦᠭᠰᠡᠨ ᠤ ᠳᠠᠷᠠᠭ᠎ᠠ ᠬᠤᠶᠠᠷ ᠰᠤᠷᠭᠠᠭᠤᠯᠢ ᠶᠢᠨ ᠲᠡᠭᠦᠰᠦᠭᠰᠡᠨ ᠦᠨᠡᠮᠯᠡᠯ ᠪᠠ ᠡᠷᠳᠡᠮ ᠤᠨ | ᠴᠣᠯᠠ ᠶᠢᠨ ᠦᠨᠡᠮᠯᠡᠯ ᠣᠯᠵᠤ ᠪᠣᠯᠣᠨ᠎ᠠ᠃ | |