ᠰᠢᠯᠢ ᠶᠢᠨ ᠬᠤᠳᠠ ᠣᠷᠣᠭᠤ50 ᠳᠦᠬᠦᠷᠢᠭ ᠢᠶᠠᠷ ᠨᠢᠰᠦᠨ᠎ᠡ    ᠰᠠᠶᠢᠬᠤᠰᠦ ᠨᠢᠰᠬᠡᠯ ᠤᠨ ᠪᠠᠭᠤᠳᠠᠯ ᠳᠤ ᠡᠭᠡᠯᠵᠢ ᠶᠢᠨ ᠨᠢᠰᠬᠡᠯ ᠤᠨ ᠰᠢᠨ᠎ᠡ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠤ ᠶᠠᠪᠤᠵᠤ ᠰᠠᠭᠤᠬᠤ ᠳᠤ ᠦᠢᠯᠡᠴᠢᠯᠡᠬᠦ ᠴᠢᠳᠠᠪᠤᠷᠢ ᠶᠢ ᠳᠠᠬᠢᠨᠲᠠ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2023/2/22
  ᠣᠶᠢᠷ᠎ᠠ ᠳᠤ᠂  ᠰᠠᠶᠢᠬᠤᠰᠦ ᠨᠢᠰᠬᠡᠯ ᠤᠨ ᠪᠠᠭᠤᠳᠠᠯ ᠨᠢ ᠲᠢᠶᠠᠨᠵᠢᠨ ᠤ ᠠᠭᠠᠷ ᠤᠨ ᠠᠶᠠᠯᠠᠯ ᠤᠨ ᠺᠣᠮᠫᠠᠨᠢ ᠲᠠᠢ ᠬᠠᠷᠢᠯᠴᠠᠵᠦ ᠡᠷᠢᠶᠡᠨ ᠬᠤᠲᠠ ︱ ᠰᠢᠯᠢ ᠶᠢᠨ ᠬᠤᠳᠠ ᠶᠢᠨ ᠠᠭᠠᠷ ᠤᠨ ᠠᠶᠠᠯᠠᠯ ᠤᠨ ᠱᠤᠭᠤᠮ ᠤᠨ 50 ᠲᠥᠭᠦᠷᠢᠭ ᠤᠨ ᠨᠢᠰᠬᠡᠯ ᠤᠨ ᠪᠢᠯᠧᠲ ᠤᠨ ᠪᠣᠷᠤᠯᠠᠭᠤᠯᠭ᠎ᠠ ᠭᠠᠷᠭᠠᠵᠤ᠂ ᠠᠶᠠᠨᠴᠢᠳ ᠤᠨ ᠶᠠᠪᠤᠵᠤ ᠰᠠᠭᠤᠬᠤ ᠬᠡᠷᠡᠭᠴᠡᠭᠡ ᠶᠢ ᠨᠠᠩ ᠰᠠᠶᠢᠨ ᠬᠠᠩᠭᠠᠭᠰᠠᠨ ᠪᠠᠶᠢᠨ᠎ᠠ᠃      ᠣᠯᠠᠨ ᠵᠦᠢᠯ ᠤᠨ ᠲᠡᠭᠡᠭᠡᠪᠦᠷᠢ ᠶᠢᠨ ᠠᠷᠭ᠎ᠠ ᠮᠠᠶ᠋ᠢᠭ ᠤᠨ ᠳᠣᠲᠣᠷ᠎ᠠ᠂ ᠠᠭᠠᠷ ᠤᠨ ᠲᠡᠭᠡᠭᠡᠪᠦᠷᠢ ᠨᠢ ︽ᠲᠦᠷᠭᠡᠨ᠂ ᠠᠮᠤᠷ ᠲᠦᠪᠰᠢᠨ᠂ ᠲᠠᠭᠠᠯᠠᠮᠵᠢᠲᠠᠢ︾ ᠵᠡᠷᠭᠡ ᠳᠠᠪᠠᠭᠤᠯᠢᠭ ᠢᠶᠠᠷ ᠢᠶᠠᠨ ᠠᠶᠠᠨᠴᠢᠳ ᠤᠨ ᠲᠠᠭᠠᠰᠢᠶᠠᠯ ᠢ ᠣᠯᠳᠠᠭ᠃ ᠭᠠᠯᠲᠤ ᠲᠡᠷᠭᠡ᠂ ᠮᠠᠰᠢᠨ ᠲᠡᠷᠭᠡ ᠲᠠᠢ ᠠᠳᠠᠯᠢᠳᠬᠠᠪᠠᠯ᠂ ᠨᠢᠰᠬᠡᠯ ᠤᠨ ᠪᠢᠯᠧᠲ ᠤᠨ ᠦᠨ᠎ᠡ ᠶᠢᠨ ᠬᠡᠯᠪᠡᠯᠵᠡᠯ ᠨᠢ ᠨᠡᠯᠢᠶᠡᠳ ᠶᠡᠭᠡ ᠪᠠᠶᠢᠵᠤ᠂ ᠬᠡᠰᠡᠭ ᠠᠶᠠᠨᠴᠢᠳ ᠤᠨ ᠵᠠᠮ ᠬᠠᠷᠢᠯᠴᠠᠭᠠᠨ ᠤ ᠪᠠᠭᠠᠵᠢ ᠶᠢᠨ ᠰᠣᠩᠭᠤᠯᠲᠠ ᠶᠢ ᠨᠥᠯᠥᠭᠡᠯᠡᠬᠦ ᠪᠣᠯᠣᠨ᠎ᠠ᠃ ᠡᠨᠡ ᠬᠦ ᠪᠠᠶᠢᠳᠠᠯ ᠳᠤ ᠴᠢᠭᠯᠡᠭᠦᠯᠦᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ ᠳᠣᠣᠷ᠎ᠠ᠂  ᠰᠠᠶᠢᠬᠤᠰᠦ ᠨᠢᠰᠬᠡᠯ ᠤᠨ ᠪᠠᠭᠤᠳᠠᠯ ᠠᠭᠠᠷ ᠤᠨ ᠠᠶᠠᠯᠠᠯ ᠤᠨ ᠺᠣᠮᠫᠠᠨᠢ ᠲᠠᠢ ᠢᠳᠡᠪᠬᠢᠲᠡᠢ ᠪᠠᠷ ᠬᠠᠷᠢᠯᠴᠠᠵᠤ᠂ ᠲᠤᠭ᠎ᠠ ᠪᠠᠷᠢᠮᠲᠠ ᠶᠢᠨ ᠵᠠᠭᠪᠤᠷ ᠢᠶᠠᠷ ᠲᠥᠰᠥᠭᠡᠯᠡᠨ ᠪᠤᠳᠤᠬᠤ ᠵᠡᠷᠭᠡ ᠪᠠᠷ ᠳᠠᠮᠵᠢᠭᠤᠯᠤᠨ ᠡᠷᠢᠶᠡᠨ ᠬᠤᠲᠠ ︱ ᠰᠢᠯᠢ ᠶᠢᠨ ᠬᠤᠳᠠ ᠶᠢᠨ ᠠᠭᠠᠷ ᠤᠨ ᠠᠶᠠᠯᠠᠯ ᠤᠨ ᠱᠤᠭᠤᠮ ᠤᠨ 50 ᠲᠥᠭᠦᠷᠢᠭ ᠤᠨ ᠨᠢᠰᠬᠡᠯ ᠤᠨ ᠪᠢᠯᠧᠲ ᠤᠨ ᠪᠣᠷᠤᠯᠠᠭᠤᠯᠭ᠎ᠠ ᠶᠢᠨ ᠦᠢᠯᠡᠳᠬᠦᠨ ᠢ ᠭᠠᠷᠭᠠᠪᠠ᠃       2 ᠰᠠᠷ᠎ᠠ ᠶᠢᠨ 21 ᠤ ᠡᠳᠦᠷ ᠠᠴᠠ 5 ᠰᠠᠷ᠎ᠠ ᠶᠢᠨ 31 ᠤ ᠡᠳᠦᠷ ᠪᠣᠯᠲᠠᠯ᠎ᠠ᠂ ᠨᠢᠰᠬᠡᠯ᠂ ᠭᠠᠯᠲᠤ ᠲᠡᠷᠭᠡ᠂ ᠮᠠᠰᠢᠨ ᠲᠡᠷᠭᠡ ᠵᠡᠷᠭᠡ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠠᠷᠭ᠎ᠠ ᠮᠠᠶ᠋ᠢᠭ ᠢᠶᠠᠷ ᠮᠠᠨ ᠤ ᠬᠤᠲᠠ ᠳᠤ  ᠢᠷᠡᠭᠰᠡᠨ ᠪᠤᠶᠤ ᠶᠠᠪᠤᠭᠰᠠᠳ ᠴᠥᠮ ᠪᠢᠯᠧᠲ ᠬᠤᠳᠠᠯᠳᠤᠨ ᠠᠪᠤᠭᠰᠠᠨ ᠲᠡᠮᠳᠡᠭᠯᠡᠯ ᠢᠶᠠᠷ ᠢᠶᠠᠨ ︵ᠲᠡᠷᠭᠡᠨ ᠪᠢᠯᠧᠲ ᠪᠤᠶᠤ ᠨᠢᠰᠬᠡᠯ ᠤᠨ ᠪᠢᠯᠧᠲ ᠵᠡᠷᠭᠡ ᠭᠡᠷᠡᠴᠢ ᠪᠠᠷᠢᠮᠲᠠ︶ 7 ᠡᠳᠦᠷ ᠤᠨ ᠳᠣᠲᠣᠷ᠎ᠠ ᠡᠷᠢᠶᠡᠨ ᠬᠤᠲᠠ ᠠᠴᠠ ᠰᠢᠯᠢ ᠶᠢᠨ ᠬᠤᠳᠠ ᠬᠦᠷᠬᠦ ᠳᠤᠷ᠎ᠠ ᠶᠢᠨ ᠨᠢᠭᠡ ᠡᠭᠡᠯᠵᠢ ᠶᠢᠨ ᠭᠠᠭᠴᠠ ᠲᠠᠯ᠎ᠠ ᠶᠢᠨ ᠡᠭᠡᠯᠵᠢ ᠶᠢᠨ ᠨᠢᠰᠬᠡᠯ 50 ᠲᠥᠭᠦᠷᠢᠭ ᠤᠨ ᠪᠢᠯᠧᠲ ︵ᠭᠠᠶᠢᠯᠢ ᠪᠠᠭᠲᠠᠬᠤ ᠦᠭᠡᠢ︶ ᠭᠤᠶᠤᠴᠢᠯᠠᠵᠤ ᠪᠣᠯᠣᠨ᠎ᠠ᠃ ᠡᠭᠡᠯᠵᠢ ᠶᠢᠨ ᠨᠢᠰᠬᠡᠯ ᠪᠢᠯᠧᠲ ᠬᠤᠳᠠᠯᠳᠤᠨ ᠠᠪᠬᠤ ᠬᠥᠮᠥᠨ ᠤ ᠲᠤᠭ᠎ᠠ ᠶᠢ ᠬᠢᠵᠠᠭᠠᠷᠯᠠᠬᠤ ᠦᠭᠡᠢ᠂ ᠪᠢᠯᠧᠲ ᠬᠤᠳᠠᠯᠳᠤᠨ ᠠᠪᠬᠤ ᠴᠠᠭ ᠢ ᠬᠢᠵᠠᠭᠠᠷᠯᠠᠬᠤ ᠦᠭᠡᠢ ᠂ ᠨᠢᠰᠬᠡᠯ ᠤᠨ ᠪᠢᠯᠧᠲ ᠢ ᠬᠤᠳᠠᠯᠳᠤᠵᠤ ᠳᠠᠭᠤᠰᠲᠠᠯ᠎ᠠ ᠬᠤᠳᠠᠯᠳᠤᠨ᠎ᠠ᠃      ᠰᠠᠶᠢᠬᠤᠰᠦ ᠨᠢᠰᠬᠡᠯ ᠤᠨ ᠪᠠᠭᠤᠳᠠᠯ ᠤᠯᠠᠮᠵᠢᠯᠠᠯᠲᠤ ᠪᠣᠷᠤᠯᠠᠭᠤᠯᠭ᠎ᠠ ᠶᠢᠨ ᠠᠷᠭ᠎ᠠ ᠶᠢ ᠡᠪᠳᠡᠵᠦ᠂ ᠨᠢᠰᠬᠡᠯ ᠤᠨ ᠪᠢᠯᠧᠲ ᠤᠨ ᠪᠠᠷᠢᠮᠵᠢᠶ᠎ᠠ ᠶᠢ ᠳᠣᠷᠣᠭᠰᠢᠯᠠᠭᠤᠯᠬᠤ ᠵᠡᠷᠭᠡ ᠠᠷᠭ᠎ᠠ ᠪᠠᠷ ᠳᠠᠮᠵᠢᠭᠤᠯᠤᠨ ᠨᠡᠩ ᠤᠯᠠᠨ ᠠᠷᠠᠳ ᠲᠤ ᠠᠭᠠᠷ ᠤᠨ ᠠᠶᠠᠯᠠᠯ ᠤᠨ ᠦᠢᠯᠡᠴᠢᠯᠡᠭᠡ ᠶᠢ ᠰᠢᠯᠢᠳᠡᠭᠴᠢᠯᠡᠨ ᠰᠣᠩᠭᠤᠵᠤ᠂ ᠲᠦᠷᠭᠡᠨ ᠪᠥᠭᠡᠳ ᠪᠦᠷᠢᠨ ᠭᠦᠢᠴᠡᠳ ᠦᠢᠯᠡᠴᠢᠯᠡᠭᠡ ᠶᠢ ᠡᠳ᠋ᠯᠡᠭᠦᠯᠵᠡᠢ᠃  ᠰᠠᠶᠢᠬᠤᠰᠦ ᠨᠢᠰᠬᠡᠯ ᠤᠨ ᠪᠠᠭᠤᠳᠠᠯ ᠤᠨ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠲᠥᠪ ᠤᠨ ᠠᠵᠢᠯᠲᠠᠨ ᠰᠤᠷᠪᠤᠯᠵᠢᠯᠠᠭᠴᠢ ᠳᠤ ᠬᠡᠯᠡᠬᠦ ᠳᠡᠭᠡᠨ᠄ ︽50 ᠲᠥᠭᠦᠷᠢᠭ ᠤᠨ ᠨᠢᠰᠬᠡᠯ ᠤᠨ ᠪᠢᠯᠧᠲ ᠤᠨ ᠪᠣᠷᠣᠯᠠᠭᠤᠯᠣᠯᠳᠠ ᠶᠢ ᠭᠠᠷᠭᠠᠭᠰᠠᠨ ᠨᠢ ᠣᠯᠠᠨ ᠲᠦᠮᠡᠨ ᠤ ᠶᠠᠪᠤᠵᠤ ᠰᠠᠭᠤᠬᠤ ᠪᠣᠳᠠᠲᠠᠢ ᠬᠡᠷᠡᠭᠴᠡᠭᠡ ᠳᠤ ᠨᠡᠶᠢᠴᠡᠬᠦ ᠪᠥᠭᠡᠳ ᠪᠣᠭᠤᠮᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠴᠦ ᠪᠦᠲᠦᠮᠵᠢᠲᠡᠶ ᠪᠠᠷ ᠳᠡᠭᠡᠭᠰᠢᠯᠡᠭᠦᠯᠦᠭᠰᠡᠨ ᠪᠠᠶᠢᠨ᠎ᠠ᠂ ᠬᠤᠶᠢᠰᠢᠳᠠ ᠨᠢᠰᠬᠡᠯ ᠤᠨ ᠪᠠᠭᠤᠳᠠᠯ ᠤᠨ ᠺᠣᠮᠫᠠᠨᠢ ᠪᠣᠳᠠᠲᠤ ᠪᠠᠶᠢᠳᠠᠯ ᠢᠶᠠᠨ ᠦᠨᠳᠦᠰᠦᠯᠡᠨ ᠨᠡᠩ ᠣᠯᠠᠨ ᠡᠵᠡᠩᠨᠡᠨ ᠪᠣᠷᠣᠯᠠᠭᠤᠯᠬᠤ ᠠᠵᠢᠯᠯᠠᠭ᠎ᠠ ᠦᠷᠨᠢᠬᠦᠯᠵᠦ᠂ ᠣᠯᠠᠨ ᠲᠦᠮᠡᠨ ᠳᠤ ᠪᠦᠷᠢᠨ ᠭᠦᠢᠴᠡᠳ ᠳᠥᠭᠦᠮ ᠳᠥᠲᠡ ᠰᠢᠯᠢᠳᠡᠭ ᠦᠢᠯᠡᠴᠢᠯᠡᠭᠡ ᠬᠠᠩᠭᠠᠬᠤ ᠪᠣᠯᠣᠨ᠎ᠠ︾ ᠭᠡᠵᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号