ᠰᠤᠷᠭᠠᠭᠤᠯᠢ ᠡᠬᠢᠯᠡᠯ᠎ᠡ︕ ᠰᠢᠨ᠎ᠡ ᠰᠤᠷᠤᠯᠭ᠎ᠠ ᠶᠢᠨ ᠬᠤᠭᠤᠴᠠᠭ᠎ᠠ ᠶᠢ ᠰᠢᠨ᠎ᠡ ᠰᠣᠷᠭᠤᠭ ᠢᠶᠠᠷ ᠣᠭᠳᠣᠯ᠎ᠠ
ᠨᠡᠶᠢᠲᠡᠯᠡᠭᠰᠡᠨ ᠴᠠᠭ᠄
2023/2/22
 
    2 ᠰᠠᠷ᠎ᠠ ᠶᠢᠨ 20 ᠤ ᠡᠳᠦᠷ᠂ ᠮᠠᠨ ᠤ ᠬᠤᠲᠠ ᠶᠢᠨ ᠡᠯ᠎ᠡ ᠪᠠᠭ᠎ᠠ ᠰᠤᠷᠭᠠᠭᠤᠯᠢ ᠨᠤᠭᠤᠳ ᠰᠤᠷᠤᠯᠭ᠎ᠠ ᠡᠬᠢᠯᠡᠬᠦ ᠡᠳᠦᠷ ᠢᠶᠠᠨ ᠤᠭᠲᠤᠪᠠ᠃ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠳᠤ᠂ ᠡᠯ᠎ᠡ ᠰᠤᠷᠭᠠᠭᠤᠯᠢ ᠶᠢᠨ ᠬᠢᠨ ᠣᠯᠠᠨ ᠶᠠᠩᠵᠤ ᠶᠢᠨ ᠬᠡᠯᠪᠡᠷᠢ ᠲᠠᠢ᠂ ᠴᠤᠭ ᠵᠢᠪᠬᠤᠭ᠎ᠠ ᠲᠡᠭᠦᠯᠳᠡᠷ ᠰᠤᠷᠤᠯᠭ᠎ᠠ ᠡᠬᠢᠯᠡᠬᠦ ᠠᠵᠢᠯᠯᠠᠭ᠎ᠠ ᠶᠢ ᠨᠠᠷᠢᠨ ᠨᠢᠮᠪᠠᠢ ᠪᠡᠯᠡᠳᠬᠡᠵᠦ᠂  ᠰᠠᠯᠵᠦ ᠣᠳᠠᠭᠰᠠᠨ ᠰᠤᠷᠭᠠᠭᠤᠯᠢ ᠶᠢᠨ ᠬᠦᠷᠢᠶᠡᠨ ᠳᠡᠭᠡᠨ ᠪᠤᠴᠠᠵᠤ ᠢᠷᠡᠵᠡᠭᠡᠪᠡ᠃    ᠲᠠᠤᠯᠠᠢ ᠵᠢᠯ ᠳᠤ ᠬᠡᠯᠡᠯᠭᠡᠨ ᠦᠭᠡᠢ ᠲᠠᠤᠯᠠᠢ ᠶᠢᠨ ᠡᠯᠧᠮᠧᠨ᠋ᠲ ᠳᠤᠲᠠᠵᠤ ᠪᠣᠯᠬᠤ ᠦᠭᠡᠢ᠃ ᠰᠤᠷᠭᠠᠭᠤᠯᠢ ᠡᠬᠢᠯᠡᠭᠰᠡᠨ ᠠᠩᠬᠠᠨ ᠤ ᠡᠳᠦᠷ᠂ ᠭᠤᠷᠪᠠᠳᠤᠭᠠᠷ ᠪᠠᠭ᠎ᠠ ᠰᠤᠷᠭᠠᠭᠤᠯᠢ ᠳᠤ ᠲᠠᠤᠯᠠᠢ ᠵᠢᠯ ᠤᠨ ᠠᠭᠤᠷ ᠠᠮᠢᠰᠬᠤᠯ ᠤᠨ ᠵᠢᠷᠤᠭ ᠳᠠᠷᠣᠬᠤ ᠴᠡᠭ ᠭᠠᠷᠭᠠᠵᠤ᠂ ᠤᠯᠠᠭᠠᠨ ᠪᠠᠭᠯᠠᠭ᠎ᠠ ᠲᠠᠢ ᠬᠡᠷᠡᠮ ᠢ ᠪᠡᠯᠡᠳᠬᠡᠵᠡᠢ᠃ ᠬᠠᠮᠲᠤ ᠰᠤᠷᠤᠭᠴᠢᠳ ᠰᠤᠷᠭᠠᠭᠤᠯᠢ ᠶᠢᠨ ᠬᠦᠷᠢᠶᠡᠨ ᠳᠤ ᠢᠷᠡᠭᠰᠡᠨ ᠤ ᠪᠠᠨ ᠳᠠᠷᠠᠭ᠎ᠠ᠂ ᠬᠡᠷᠡᠯ ᠵᠢᠷᠤᠭ ᠠᠪᠴᠤ ᠺᠠᠷᠲ ᠢᠶᠠᠨ ᠪᠦᠷᠢᠳᠬᠡᠭᠦᠯᠵᠦ ᠂ ᠡᠯ᠎ᠡ ᠵᠦᠢᠯ ᠤᠨ ᠢᠷᠦᠭᠡᠯ ᠤᠨ ᠦᠭᠡ ᠲᠠᠭᠠᠷᠠᠭᠤᠯᠤᠭᠰᠠᠨ ᠤᠯᠠᠭᠠᠨ ᠪᠠᠭᠯᠠᠭ᠎ᠠ ᠪᠠᠨ ᠠᠪᠴᠤ᠂ ᠢᠷᠦᠭᠡᠯ ᠤᠨ ᠦᠭᠡ ᠶᠢᠨ ᠶᠣᠭᠲᠠ ᠤᠳᠬ᠎ᠠ ᠶᠢ ᠬᠠᠷᠢᠯᠴᠠᠨ ᠶᠠᠷᠢᠯᠴᠠᠵᠤ ᠪᠣᠯᠣᠨ᠎ᠠ᠃ ᠵᠠᠷᠢᠮ ᠪᠠᠭᠰᠢ ᠨᠢ ᠪᠠᠰᠠ ᠬᠢᠴᠢᠶᠡᠯ ᠤᠨ ᠭᠡᠷ ᠢᠶᠠᠨ ᠨᠠᠷᠢᠨ ᠨᠢᠮᠪᠠᠢ ᠪᠠᠶᠢᠷᠢᠰᠢᠭᠤᠯᠵᠤ᠂ ᠨᠣᠮ ᠪᠢᠴᠢᠭ ᠢᠶᠠᠨ ᠪᠡᠯᠡᠭ ᠪᠣᠯᠭᠠᠨ ᠴᠢᠮᠡᠭᠯᠡᠨ ᠰᠢᠷᠡᠭᠡᠨ ᠳᠡᠭᠡᠷ᠎ᠡ ᠲᠠᠯᠪᠢᠵᠤ᠂ ᠪᠠᠰᠠ ᠬᠡᠶᠢᠲᠦ ᠪᠥᠮᠪᠦᠭᠡ᠂ ᠦᠨᠢᠶᠡᠨ ᠰᠦᠨ ᠤ ᠣᠮᠳᠠᠭᠠᠨ ᠵᠡᠷᠭᠡ ᠪᠡᠯᠡᠭ ᠤᠨ ᠶᠠᠭᠤᠮ᠎ᠠ ᠲᠠᠯᠪᠢᠵᠤ᠂ ᠶᠣᠰᠣᠯᠠᠯ ᠳᠤ ᠰᠡᠳᠬᠢᠯ ᠳᠦᠭᠦᠷᠡᠩ ᠰᠠᠨᠠᠭᠳᠠᠨ᠎ᠠ᠃    ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ᠂ ᠪᠠᠭ᠎ᠠ ᠠᠩᠭᠢ   ᠶᠢᠨ ᠰᠤᠷᠤᠭᠴᠢᠳ ᠭᠡᠷ ᠤᠨ ᠠᠬᠠᠮᠠᠳ ᠤᠨ ᠢᠶᠠᠨ ᠬᠠᠪᠰᠤᠷᠤᠯᠭ᠎ᠠ ᠪᠠᠷ ᠤᠷᠭᠤᠭᠤᠯᠤᠨ ᠪᠣᠳᠣᠯᠲᠠ ᠪᠠ ᠡᠭᠦᠳᠦᠨ ᠪᠦᠲᠦᠭᠡᠬᠦ ᠴᠢᠳᠠᠪᠤᠷᠢ ᠪᠠᠷ ᠪᠠᠶᠠᠯᠢᠭ ᠰᠠᠶᠢᠬᠠᠨ ᠵᠢᠷᠤᠭ ᠳᠦᠷᠰᠦ ᠲᠠᠢ᠂ ᠪᠠᠶᠠᠯᠢᠭ ᠠᠭᠤᠯᠭ᠎ᠠ ᠲᠠᠢ᠂ ᠣᠯᠠᠨ ᠶᠠᠩᠵᠤ   ᠶᠢᠨ ᠬᠡᠯᠪᠡᠷᠢ ᠲᠠᠢ ᠪᠦᠲᠦᠭᠡᠯ ᠤᠳ   ᠢ ᠵᠣᠬᠢᠶᠠᠨ ᠪᠦᠲᠦᠭᠡᠳᠡᠭ᠃ ᠬᠢᠴᠢᠶᠡᠯ ᠤᠨ ᠲᠠᠩᠬᠢᠮ ᠳᠤ᠂ ᠬᠠᠮᠲᠤ ᠰᠤᠷᠤᠭᠴᠢᠳ ᠥᠪᠡᠷ ᠥᠪᠡᠷ ᠤᠨ ᠭᠠᠷ ᠤᠷᠠᠯᠠᠯ ᠤᠨ ᠪᠦᠲᠦᠭᠡᠯ ᠪᠣᠯᠣᠨ ᠬᠠᠭᠤᠯᠤᠮᠠᠯ ᠰᠣᠨᠢᠨ ᠢᠶᠠᠨ ᠳᠡᠯᠭᠡᠨ ᠦᠵᠡᠭᠦᠯᠵᠦ᠂ ᠤᠯᠠᠨ ᠲᠠᠢ ᠪᠠᠶᠠᠷ ᠪᠠᠭ᠋ᠠᠳᠤᠯ ᠢᠶᠠᠨ ᠬᠤᠪᠢᠶᠠᠯᠴᠠᠨ᠎ᠠ᠃ ᠨᠢᠭᠡᠨ ᠵᠡᠷᠭᠡ ᠨᠠᠮ ᠬᠥᠮ ᠰᠤᠷᠭᠠᠭᠤᠯᠢ ᠶᠢᠨ ᠬᠦᠷᠢᠶᠡᠨ ᠳᠤ ᠪᠠᠰᠠ ᠯᠠ ᠬᠦᠷ ᠬᠥᠭᠵᠢᠶᠡᠨ ᠲᠠᠢ ᠪᠣᠯᠣᠯ᠎ᠠ᠃    ᠲᠤᠬᠠᠢ ᠶᠢᠨ ᠡᠳᠦᠷ᠂ ᠬᠤᠲᠠ ᠶᠢᠨ ᠬᠤᠶᠠᠳᠤᠭᠠᠷ ᠪᠠᠭ᠎ᠠ ᠰᠤᠷᠭᠠᠭᠤᠯᠢ ᠲᠤᠰᠬᠠᠶᠢᠯᠠᠨ ᠰᠤᠷᠤᠭᠴᠢᠳ ᠲᠤ ︽ᠰᠢᠨ᠎ᠡ ᠰᠤᠷᠤᠯᠭ᠎ᠠ ᠶᠢᠨ ᠬᠤᠭᠤᠴᠠᠭ᠎ᠠ ᠶᠢ ᠤᠭᠲᠤᠵᠤ᠂ ᠡᠷᠡᠭᠦᠯ ᠮᠡᠨᠳᠦ ᠪᠠᠷ ᠢᠷᠡᠭᠡᠳᠦᠢ ᠵᠦᠭ ᠲᠡᠮᠡᠦᠯᠦᠶ᠎ᠡ︾ ᠭᠡᠬᠦ ᠭᠤᠣᠯ ᠰᠡᠳᠦᠪᠲᠦ ᠠᠮᠠᠯᠠᠯᠲᠠ ᠶᠢᠨ ᠬᠡᠷᠡᠮ ᠢ ᠪᠡᠯᠡᠳᠬᠡᠵᠦ ᠥᠭᠪᠡ᠃ ᠣᠯᠠᠨ ᠢᠶᠠᠷ ᠢᠶᠠᠨ ᠠᠩᠭᠢ ᠪᠠᠷ ᠨᠢᠭᠡᠴᠢ ᠪᠣᠯᠭᠠᠨ ᠥᠪᠡᠷ ᠤᠨ ᠨᠠᠷᠢᠨ ᠨᠢᠮᠪᠠᠢ ᠵᠣᠬᠢᠶᠠᠭᠰᠠᠨ ᠬᠦᠰᠡᠯ ᠤᠨ ᠺᠠᠷᠲ ᠢᠶᠠᠨ ᠠᠮᠠᠯᠠᠯᠲᠠ ᠶᠢᠨ ᠬᠡᠷᠡᠮ ᠳᠡᠭᠡᠷ᠎ᠡ ᠨᠠᠭᠠᠵᠠᠢ᠃ ᠪᠢᠴᠢᠬᠠᠨ ᠬᠦᠰᠡᠯ ᠤᠨ ᠺᠠᠷᠲ ᠨᠢ ᠬᠡᠦᠬᠡᠳ ᠲᠤ ᠰᠡᠳᠬᠢᠯ ᠤᠨ ᠦᠭᠡ ᠪᠠᠨ ᠬᠡᠯᠡᠭᠦᠯᠦᠭᠰᠡᠨ ᠪᠥᠭᠡᠳ ᠰᠢᠨ᠎ᠡ ᠰᠤᠷᠤᠯᠭ᠎ᠠ   ᠶᠢᠨ ᠬᠤᠭᠤᠴᠠᠭᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ   ᠢ ᠨᠢ ᠴᠦ ᠨᠠᠶᠢᠳᠠᠭᠰᠠᠨ ᠪᠠᠶᠢᠨ᠎ᠠ᠃     ᠣᠶᠢᠯᠠᠭᠠᠭᠰᠠᠨ ᠢᠶᠠᠷ᠂ ᠰᠤᠷᠭᠠᠭᠤᠯᠢ ᠡᠬᠢᠯᠡᠭᠰᠡᠨ ᠠᠩᠬᠠᠨ ᠤ ᠡᠳᠦᠷ ᠲᠤ᠂ ᠮᠠᠨ ᠤ ᠬᠤᠲᠠ ᠶᠢᠨ ᠡᠯ᠎ᠡ ᠪᠠᠭ᠎ᠠ ᠰᠤᠷᠭᠠᠭᠤᠯᠢ ᠴᠥᠮ ᠨᠠᠷᠢᠨ ᠨᠢᠮᠪᠠᠢ ᠲᠣᠬᠢᠷᠠᠭᠤᠯᠤᠯᠲᠠ ᠬᠢᠵᠦ᠂ ᠣᠯᠠᠨ ᠶᠠᠩᠵᠤ ᠶᠢᠨ ᠬᠡᠯᠪᠡᠷᠢ ᠶᠢᠨ ᠰᠤᠷᠭᠠᠭᠤᠯᠢ ᠡᠬᠢᠯᠡᠬᠦ ᠠᠵᠢᠯᠯᠠᠭ᠎ᠠ ᠠᠴᠠ ᠭᠠᠳᠠᠨ᠎ᠠ᠂ ᠪᠠᠰᠠ ᠰᠡᠳᠬᠢᠴᠡ ᠶᠢᠨ ᠵᠣᠬᠢᠴᠠᠯ ᠪᠠ ᠬᠥᠲᠥᠯᠥᠨ ᠵᠢᠯᠤᠭᠤᠳᠬᠤ᠂ ᠠᠮᠤᠷ ᠲᠦᠪᠰᠢᠨ ᠤ ᠬᠥᠮᠦᠵᠢᠯ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠰᠤᠷᠭᠠᠭᠤᠯᠢ ᠡᠬᠢᠯᠡᠭᠰᠡᠨ ᠲᠤᠬᠠᠢ ᠶᠢᠨ ᠡᠳᠦᠷ ᠤᠨ ᠴᠢᠬᠤᠯᠠ ᠠᠭᠤᠯᠭ᠎ᠠ ᠪᠣᠯᠭᠠᠵᠤ᠂ ︽ᠰᠤᠷᠭᠠᠭᠤᠯᠢ ᠡᠬᠢᠯᠡᠭᠰᠡᠨ ᠠᠩᠬᠠᠨ ᠤ ᠬᠢᠴᠢᠶᠡᠯ︾ ᠢ ᠨᠥᠯᠥᠭᠡ ᠲᠠᠢ ᠮᠥᠷᠲᠡᠭᠡᠨ ︽ᠰᠢᠮ᠎ᠡ ᠲᠡᠵᠢᠭᠡᠯ ᠲᠠᠢ︾ ᠪᠣᠯᠭᠠᠵᠠᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号