︽ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠠᠮᠤᠷ ᠲᠦᠪᠰᠢᠨ ᠬᠥᠭᠵᠢᠯᠲᠡ ᠶᠢ ᠠᠬᠢᠭᠤᠯᠬᠤ︾ ︽ᠠᠮᠤᠷ ᠲᠦᠪᠰᠢᠨ ᠤ ᠲᠣᠣᠷ︾ ᠢ ᠪᠠᠲᠤ ᠴᠣᠭᠴᠠᠯᠠᠶ᠎ᠠ︕ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠶᠤᠯᠭᠦᠢ ᠦᠢᠯᠡᠳᠪᠦᠷᠢᠯᠡᠯ ᠪᠠ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ
ᠨᠡᠶᠢᠲᠡᠯᠡᠭᠰᠡᠨ ᠴᠠᠭ᠄
2023/2/23
     2 ᠰᠠᠷ᠎ᠠ ᠶᠢᠨ 20 ᠤ ᠡᠳᠦᠷ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠪᠠ ᠪᠥᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠠᠶᠤᠯᠭᠦᠢ ᠦᠢᠯᠡᠳᠪᠦᠷᠢᠯᠡᠯ᠂ ᠵᠠᠬᠢᠳᠠᠯ ᠰᠣᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ‌ᠤᠨᠲᠠᠷᠠᠭᠠᠬᠤ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃       ᠬᠤᠷᠠᠯ   ᠠᠴᠠ ᠴᠢᠬᠤᠯᠠᠴᠢᠯᠠᠭᠰᠠᠨ ᠨᠢ᠂ ᠬᠠᠪᠤᠷ ᠤᠨ ᠤᠯᠠᠷᠢᠯ ᠪᠣᠯ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠠᠮᠠᠷᠬᠠᠨ ᠡᠭᠦᠰᠬᠦ᠂ ᠣᠯᠠᠨ ᠡᠭᠦᠰᠬᠦ ᠬᠤᠭᠤᠴᠠᠭ᠎ᠠ ᠮᠥᠨ᠂ 3 ᠰᠠᠷ᠎ᠠ ᠶᠢᠨ 15 ᠤ ᠡᠳᠦᠷ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠬᠤᠭᠤᠴᠠᠭᠠᠨ ᠳᠤ ᠣᠷᠣᠨ᠎ᠠ᠂ ᠰᠣᠨᠣᠷ ᠰᠡᠷᠡᠮᠵᠢ ᠪᠠᠨ ᠴᠠᠭ ᠢᠮᠠᠭᠲᠠ ᠳᠡᠭᠡᠭᠰᠢᠯᠡᠭᠦᠯᠵᠦ᠂ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠨᠢᠭᠡ ᠳᠤ ᠡᠷᠲᠡ ᠠᠴᠠ ᠪᠠᠶᠢᠷᠢᠯᠠᠭᠤᠯᠵᠤ᠂ ᠡᠷᠲᠡ ᠠᠴᠠ ᠲᠣᠬᠢᠷᠠᠭᠤᠯᠵᠤ᠂ ᠡᠷᠲᠡ ᠠᠴᠠ ᠨᠠᠶᠢᠳᠠᠪᠤᠷᠢᠵᠢᠭᠤᠯᠵᠤ᠂ ᠬᠠᠪᠤᠷ ᠤᠨ ᠤᠯᠠᠷᠢᠯ ᠤᠨ ᠭᠠᠯ ᠢ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠬᠤᠶᠠᠷ ᠲᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠵᠣᠷᠢᠭᠤᠳᠠ ᠶᠢᠨ ᠭᠠᠯ ᠤᠨ ᠭᠠᠮᠰᠢᠭ᠂ ᠳᠠᠯᠳᠠ ᠬᠡᠮ ᠡᠭᠦᠰᠬᠦ ᠶᠢ ᠡᠷᠡᠰ ᠬᠤᠷᠢᠭᠯᠠᠬᠤ ᠪᠠ ᠬᠢᠵᠠᠭᠠᠷᠯᠠᠬᠤ ᠬᠡᠷᠡᠭᠲᠡᠢ᠃ ᠭᠤᠷᠪᠠ ᠳᠤ᠂ ᠭᠠᠯ ᠤᠨ ᠡᠬᠢ ᠶᠢ ᠬᠠᠮᠢᠶᠠᠷᠤᠨ ᠡᠵᠡᠮᠳᠡᠬᠦ ᠶᠢ ᠰᠠᠶᠢᠲᠤᠷ ᠠᠳᠬᠤᠵᠤ᠂ ᠭᠠᠯ ᠤᠨ ᠡᠬᠢ ᠶᠢ ᠬᠠᠮᠢᠶᠠᠷᠤᠨ ᠡᠵᠡᠮᠳᠡᠬᠦ ᠬᠡᠮᠵᠢᠶ᠎ᠡ ᠶᠢ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠴᠠᠭ ᠬᠤᠭᠤᠴᠠᠭ᠎ᠠ ᠶᠢ ᠡᠵᠡᠮᠳᠡᠵᠦ᠂ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠭᠤᠣᠯᠳᠠᠯᠭ᠎ᠠ ᠲᠠᠢ ᠣᠷᠣᠨ ᠪᠠᠶᠢᠷᠢ ᠶᠢ ᠲᠤᠪᠤᠶᠢᠯᠭᠠᠵᠦ᠂ ᠭᠤᠣᠯᠳᠠᠯᠭ᠎ᠠ ᠲᠠᠢ ᠬᠥᠮᠥᠰ ᠢ ᠰᠠᠶᠢᠲᠤᠷ ᠬᠠᠮᠢᠶᠠᠷᠬᠤ ᠬᠡᠷᠡᠭᠲᠡᠢ᠃ ᠰᠤᠮᠤ᠂ ᠭᠠᠴᠠᠭ᠎ᠠ ᠶᠢ ᠵᠣᠬᠢᠴᠠᠭᠤᠯᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠬᠠᠷᠢᠶᠠᠲᠤ ᠭᠠᠵᠠᠷ ᠤᠨ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠵᠦ᠂ ᠠᠯᠢᠪᠠ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠬᠦ ᠶᠢ ᠴᠠᠭᠠᠵᠠᠯᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠣᠷᠣᠨ ᠳᠤ ᠬᠤᠭ ᠨᠣᠪᠰᠢ ᠰᠢᠲᠠᠭᠠᠬᠤ᠂ ᠲᠠᠷᠢᠶᠠᠨ ᠳᠠᠯᠠᠩ ᠡᠪᠡᠰᠦ ᠡᠪᠡᠰᠦᠨ ᠤ ᠡᠰᠢ ᠰᠦᠷᠡᠯ ᠢ ᠰᠢᠳᠠᠭᠠᠬᠤ ᠵᠡᠷᠭᠡ ᠬᠡᠭᠡᠷ᠎ᠡ ᠭᠠᠳᠠᠨ᠎ᠠ ᠭᠠᠯ ᠬᠡᠷᠡᠭᠯᠡᠬᠦ ᠦᠶᠯᠡ ᠠᠵᠢᠯᠯᠠᠭ᠎ᠠ ᠶᠢ ᠲᠠᠰᠤ ᠵᠣᠭᠰᠣᠭᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠳᠥᠷᠪᠡ ᠳᠤ᠂ ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠮᠠᠯᠵᠢᠬᠤ ᠣᠷᠣᠨ᠂ ᠤᠢ ᠮᠣᠳᠣ ᠶᠢ ᠬᠦᠷᠢᠶᠡᠯᠡᠭᠰᠡᠨ ᠣᠷᠣᠨ᠂ ᠲᠠᠷᠢᠶᠠᠯᠠᠬᠤ ᠶᠢ ᠵᠣᠭᠰᠣᠭᠠᠵᠤ ᠤᠢ ᠮᠣᠳᠣ ᠡᠪᠡᠰᠦ ᠪᠡᠯᠴᠢᠭᠡᠷ ᠢ ᠰᠡᠷᠭᠦᠭᠡᠭᠰᠡᠨ ᠣᠷᠣᠨ᠂ ᠨᠡᠶᠢᠲᠡ ᠶᠢᠨ ᠠᠰᠠᠷᠠᠮᠵᠢ ᠶᠢᠨ ᠤᠢ ᠶᠢ ᠬᠠᠮᠢᠶᠠᠷᠴᠤ ᠬᠠᠮᠠᠭᠠᠯᠠᠬᠤ ᠣᠷᠣᠨ᠂ ᠡᠯᠡᠰᠦᠷᠬᠡᠭ ᠭᠠᠵᠠᠷ ᠢ ᠵᠠᠰᠠᠬᠤ ᠣᠷᠣᠨ᠂ ᠤᠤᠯ ᠤᠨ ᠪᠠᠶᠢᠭᠰᠠᠨ ᠤᠢ ᠰᠢᠭᠤᠢ ᠶᠢᠨ ᠲᠠᠯᠠᠪᠠᠢ ᠵᠤᠯᠵᠠᠭ᠎ᠠ ᠮᠣᠳᠣᠨ ᠤ ᠬᠦᠷᠢᠶᠡᠯᠡᠩ ᠵᠡᠷᠭᠡ ᠠᠮᠢ ᠠᠬᠤᠢ ᠶᠢᠨ ᠲᠦᠷᠦᠯ ᠵᠦᠢᠯ ᠤᠨ ᠣᠷᠣᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨᠲᠠᠷᠠᠭᠠᠬᠤ ᠡᠩᠨᠡᠭᠡ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠬᠥᠮᠦᠵᠢᠯ᠂ ᠪᠣᠯᠪᠠᠰᠤᠷᠠᠯ᠂ ᠰᠣᠷᠢᠯᠲᠠ ᠶᠢ ᠴᠢᠩᠭᠠᠳᠬᠠᠵᠤ᠂ ᠲᠦᠢᠮᠡᠷ ᠭᠠᠷᠤᠮᠠᠭᠴᠠ ᠲᠦᠷᠭᠡᠨ ᠬᠥᠳᠡᠯᠵᠦ᠂ ᠥᠨᠳᠥᠷ ᠦᠷ᠎ᠡ ᠠᠰᠢᠭᠲᠠᠢ ᠪᠠᠷ ᠬᠤᠯᠪᠤᠭᠠᠯᠠᠨ ᠬᠥᠳᠡᠯᠦᠯᠴᠡᠵᠦ᠂ ︽ᠡᠷᠲᠡ ᠠᠴᠠ ᠤᠨᠲᠠᠷᠠᠭᠠᠵᠤ᠂ ᠪᠠᠭ᠎ᠠ  ᠳᠤ ᠨᠢ ᠤᠨᠲᠠᠷᠠᠭᠠᠵᠤ᠂  ᠬᠦᠢᠴᠡᠳ ᠤᠨᠲᠠᠷᠠᠭᠠᠬᠤ︾ ᠭᠡᠷᠡᠭᠳᠠᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号