ᠴᠠᠭ ᠮᠥᠴᠡ ᠶᠢ ᠵᠠᠪᠳᠤᠨ᠎ᠠ ︕  ᠡᠷᠢᠶᠡᠨ ᠪᠣᠭᠤᠮᠲᠠ ᠪᠠᠷ ᠤᠯᠤᠰ ᠠᠯᠤᠰᠯᠠᠭᠰᠠᠨ ᠠᠮᠢ ᠨᠠᠰᠤᠨ ᠤ ᠠᠪᠣᠷᠠᠯᠳᠠ ᠬᠢᠪᠡ
ᠨᠡᠶᠢᠲᠡᠯᠡᠭᠰᠡᠨ ᠴᠠᠭ᠄
2023/2/8
      2 ᠰᠠᠷ᠎ᠠ ᠶᠢᠨ 5 ᠤ ᠡᠳᠦᠷ ᠤᠨ 19 ᠴᠠᠭ 50 ᠮᠢᠨᠦ᠋ᠲ ᠲᠤ᠂ ᠡᠷᠢᠶᠡᠨ ᠬᠤᠲᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡᠨ ᠤ ᠵᠢᠯᠤᠭᠤᠳᠬᠤ ᠲᠥᠪ ᠠᠴᠠ ᠲᠤᠰᠠᠯᠠᠮᠵᠢ ᠭᠤᠶᠤᠴᠢᠯᠠᠬᠤ ᠪᠠᠴᠢᠮ ᠤᠲᠠᠰᠤ ᠲᠤᠰᠪᠠ᠂ ᠳᠤᠮᠳᠠᠳᠤ ᠤᠯᠤᠰ ᠤᠨ ᠨᠢᠭᠡ ᠠᠶᠠᠨᠴᠢᠨ ᠮᠣᠩᠭᠤᠯ ᠤᠯᠤᠰ ᠤᠨ ᠤᠯᠠᠭᠠᠨᠪᠠᠭᠠᠲᠤᠷ ᠬᠤᠲᠠ ᠳᠤ ᠰᠢᠷᠬᠠᠲᠤᠵᠤ᠂ ᠬᠦᠨᠳᠦ ᠰᠢᠷᠬᠠᠲᠤᠭᠰᠠᠨ ᠤᠴᠢᠷ ᠠᠴᠠ ᠤᠯᠤᠰ ᠲᠠᠭᠠᠨ ᠪᠤᠴᠠᠵᠤ ᠡᠮᠨᠡᠭᠦᠯᠬᠦ ᠴᠢᠬᠤᠯᠠᠲᠠᠢ ᠪᠣᠯᠪᠠ᠂ ᠵᠢᠱᠢᠯᠲᠡ ᠪᠠᠷ 6 ᠤ ᠡᠳᠦᠷ ᠤᠨ ᠥᠷᠯᠥᠭᠡ ᠶᠢᠨ 6 ᠴᠠᠭ 30 ᠮᠢᠨᠦ᠋ᠲ ᠲᠤ ᠡᠷᠢᠶᠡᠨ ᠬᠤᠲᠠ ᠶᠢᠨ ᠪᠣᠭᠤᠮᠲᠠ ᠳᠤ ᠬᠦᠷᠴᠦ᠂ ᠪᠣᠭᠤᠮᠲᠠ ᠪᠠᠷ ᠥᠩᠭᠡᠷᠡᠬᠦ ᠳᠤ ᠬᠠᠮᠵᠢᠬᠤ ᠶᠢ ᠭᠤᠶᠤᠴᠢᠯᠠᠪᠠ᠃ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠡᠷᠢᠶᠡᠨ ᠬᠤᠲᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠲᠡᠷᠡ ᠳᠠᠷᠤᠢ ᠳᠤᠨᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠡᠬᠢᠯᠡᠨ ᠬᠡᠷᠡᠭᠵᠢᠭᠦᠯᠵᠦ᠂ ︽ᠠᠮᠢ ᠨᠠᠰᠤᠨ ᠤ ᠠᠪᠤᠷᠠᠨ ᠲᠤᠰᠠᠯᠠᠯᠲᠠ ᠶᠢᠨ ᠰᠠᠭᠠᠳ ᠦᠭᠡᠢ ᠨᠡᠪᠲᠡᠷᠡᠬᠦ ᠵᠠᠮ︾ ᠢ ᠲᠦᠷᠭᠡᠨ ᠪᠠᠶᠢᠭᠤᠯᠵᠤ᠂ ᠰᠢᠷᠬᠠᠲᠤᠭᠰᠠᠨ ᠠᠬ᠎ᠠ ᠳᠡᠭᠦᠦ ᠨᠠᠷ ᠢ ᠪᠣᠭᠤᠮᠲᠠ ᠪᠠᠷ ᠲᠦᠷᠭᠡᠨ ᠣᠷᠣᠭᠤᠯᠵᠤ᠂ ᠴᠠᠭ ᠲᠤᠬᠠᠢ ᠳᠤᠨᠢ ᠡᠮᠨᠡᠯᠭᠡ ᠳᠤ ᠬᠦᠷᠭᠡᠵᠦ ᠡᠮᠨᠡᠭᠦᠯᠪᠡ᠃    2 ᠰᠠᠷ᠎ᠠ   ᠶᠢᠨ 6 ᠤ ᠡᠳᠦᠷ ᠤᠨ ᠥᠷᠯᠥᠭᠡ   ᠶᠢᠨ 6 ᠴᠠᠭ 42 ᠮᠢᠨᠦ᠋ᠲ ᠲᠤ 714 ᠺᠢᠯᠣᠮᠧᠲᠷ ᠤᠨ ᠬᠤᠯᠠ ᠵᠠᠮ ᠤᠨ ᠠᠶᠠᠨ ᠢ ᠳᠣᠭᠤᠯᠵᠦ ᠰᠢᠷᠬᠠᠲᠠᠨ ᠢ ᠬᠠᠮᠠᠭᠠᠯᠠᠨ ᠬᠦᠷᠭᠡᠬᠦ ᠲᠡᠷᠭᠡ ᠤᠷᠢᠳᠴᠢᠯᠠᠨ ᠲᠣᠭᠲᠠᠭᠰᠠᠨ ᠭᠠᠵᠠᠷ ᠲᠠᠭᠠᠨ ᠤᠷᠤᠭᠰᠢᠲᠠᠢ ᠪᠠᠷ ᠬᠦᠷᠴᠡᠢ᠃ ᠡᠷᠢᠶᠡᠨ ᠤ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡᠨ ᠤ ᠠᠷᠠᠳ ᠤᠨ ᠴᠠᠭᠳᠠᠭ᠎ᠠ ᠲᠤᠬᠠᠢ ᠶᠢᠨ ᠲᠠᠯᠠᠪᠤᠷ ᠲᠤ ᠬᠢᠯᠢ ᠪᠠᠷ ᠣᠷᠣᠵᠤ ᠭᠠᠷᠬᠤ ᠬᠥᠮᠥᠰ ᠤᠨ ᠬᠤᠯᠪᠣᠭᠳᠠᠯ ᠪᠦᠬᠦᠢ ᠭᠡᠷᠡᠴᠢ ᠦᠨᠡᠮᠯᠡᠯ ᠢ ᠳᠠᠷᠤᠢ ᠲᠦᠷᠭᠡᠨ ᠬᠠᠷᠭᠤᠭᠤᠯᠵᠤ᠂ ᠲᠡᠭᠦᠨ ᠳᠤ ᠪᠣᠭᠤᠮᠲᠠ ᠪᠠᠷ ᠲᠦᠷᠭᠡᠨ ᠥᠩᠭᠡᠷᠡᠬᠦ ᠭᠠᠷ ᠭᠦᠢᠴᠡᠳᠬᠡᠯ ᠬᠢᠵᠦ ᠥᠭᠴᠦ᠂ ᠪᠣᠭᠤᠮᠲᠠ ᠪᠠᠷ ᠥᠩᠭᠡᠷᠡᠬᠦ ᠴᠠᠭ ᠢ ᠬᠠᠮᠤᠭ ᠤᠨ ᠶᠡᠭᠡ ᠬᠡᠮᠵᠢᠶ᠎ᠡ ᠪᠠᠷ ᠪᠣᠭᠤᠨᠢᠰᠬᠠᠬᠤ ᠶᠢᠨ ᠬᠠᠮᠲᠤ ᠡᠮᠴᠢ ᠰᠤᠪᠢᠯᠠᠭᠴᠢᠳ ᠢ ᠬᠠᠪᠰᠤᠷᠤᠨ ᠰᠢᠷᠬᠠᠲᠤᠭᠰᠠᠨ ᠠᠶᠠᠨᠴᠢᠳ ᠢ ᠰᠢᠯᠵᠢᠭᠦᠯᠦᠨ ᠲᠡᠭᠡᠭᠡᠪᠦᠷᠢᠯᠡᠬᠦ ᠠᠵᠢᠯ ᠢ ᠰᠠᠶᠢᠲᠤᠷ ᠬᠢᠭᠰᠡᠨ ᠪᠠᠶᠢᠨ᠎ᠠ᠃       6 ᠴᠠᠭ 52 ᠮᠢᠨᠦ᠋ᠲ ᠲᠤ᠂ ᠠᠷᠠᠳ ᠤᠨ ᠴᠠᠭᠳᠠᠭ᠎ᠠ ᠬᠢᠯᠢ ᠳᠤ ᠣᠷᠣᠵᠤ ᠪᠣᠭᠤᠮᠲᠠ ᠪᠠᠷ ᠥᠩᠭᠡᠷᠡᠬᠦ ᠭᠠᠷ ᠭᠦᠢᠴᠡᠳᠬᠡᠯ ᠢ ᠪᠦᠷᠢᠨ ᠭᠦᠢᠴᠡᠳᠬᠡᠵᠦ᠂ ᠤᠯᠤᠰ ᠠᠯᠤᠰᠯᠠᠭᠰᠠᠨ ᠠᠮᠢ ᠨᠠᠰᠤᠨ ᠤ ᠤᠷᠤᠯᠳᠤᠭᠠᠨ   ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠥᠬᠦ ᠶᠠᠪᠤᠴᠠ ᠳᠤ 10 ᠮᠢᠨᠦ᠋ᠲ ᠤᠨ ᠴᠠᠭ ᠬᠡᠷᠡᠭᠰᠡᠪᠡ᠃       ᠡᠷᠢᠶᠡᠨ ᠤ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡᠨ ᠤ ᠵᠢᠵᠢᠭᠦᠷᠯᠡᠬᠦ ᠭᠤᠷᠪᠠᠳᠤᠭᠠᠷ ᠠᠩᠭᠢ ᠶᠢᠨ ᠳᠡᠳ᠋ ᠳᠠᠷᠤᠭ᠎ᠠ ᠰᠢᠦᠢ ᠵᠧᠩ ᠰᠤᠷᠪᠤᠯᠵᠢᠯᠠᠭᠴᠢ ᠳᠤ ᠬᠡᠯᠡᠬᠦ ᠳᠡᠭᠡᠨ᠂ ᠲᠤᠬᠠᠢ ᠶᠢᠨ ᠡᠳᠦᠷ ᠤᠨ ᠥᠷᠯᠥᠭᠡ ᠶᠢᠨ 5 ᠴᠠᠭ 30 ᠮᠢᠨᠦ᠋ᠲ ᠲᠤ ᠪᠠᠴᠢᠮ ᠠᠪᠤᠷᠠᠨ ᠲᠤᠰᠠᠯᠠᠬᠤ ᠦᠢᠯᠡᠴᠢᠯᠡᠭᠡᠨ ᠤ ᠪᠡᠯᠡᠳᠬᠡᠯ ᠠᠵᠢᠯ ᠢ ᠨᠢᠭᠡᠨᠲᠡ ᠬᠢᠵᠦ ᠳᠠᠭᠤᠰᠬᠠᠵᠠᠢ᠂ ᠮᠠᠰᠢᠨ ᠲᠡᠷᠭᠡ ᠪᠣᠭᠤᠮᠲᠠ ᠳᠤ ᠬᠦᠷᠦᠭᠰᠡᠨ ᠤ ᠳᠠᠷᠠᠭ᠎ᠠ᠂ ᠲᠡᠷᠡ ᠳᠠᠷᠤᠢ ᠳᠤᠨᠢ ᠲᠡᠳᠡᠨ ᠳᠤ ᠬᠢᠯᠢ ᠪᠠᠷ ᠣᠷᠣᠵᠤ ᠪᠣᠭᠤᠮᠲᠠ ᠪᠠᠷ ᠥᠩᠭᠡᠷᠡᠬᠦ ᠭᠠᠷ ᠭᠦᠢᠴᠡᠳᠬᠡᠯ ᠬᠢᠵᠦ ᠥᠭᠭᠦᠭᠡᠳ᠂ ᠰᠢᠷᠬᠠᠲᠤᠭᠰᠠᠳ ᠢ ᠡᠮᠨᠡᠨ ᠠᠪᠤᠷᠠᠬᠤ ᠳᠤ ᠡᠷᠬᠢᠮ ᠨᠠᠨᠳᠢᠨ ᠴᠠᠭ ᠣᠯᠭᠤᠭᠰᠠᠨ ᠪᠠᠶᠢᠨ᠎ᠠ ᠭᠡᠵᠡᠢ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号