︽ᠴᠠᠭᠠᠨ ᠰᠠᠷ᠎ᠠ ᠳᠤ ᠦᠨᠳᠦᠰᠦᠨ ᠱᠠᠲᠤᠨ ᠳᠤ︾ ᡽ᠤᠮᠠᠷᠠᠲᠤ ᠬᠢᠯᠢ ᠶᠢᠨ ᠲᠠᠯ᠎ᠠ ᠨᠤᠲᠤᠭ ᠤᠨ ᠬᠢᠯᠢ ᠶᠢᠨ ᠰᠠᠬᠢᠭᠴᠢ
ᠨᠡᠶᠢᠲᠡᠯᠡᠭᠰᠡᠨ ᠴᠠᠭ᠄
2023/2/8
 
     ᠴᠠᠭᠠᠨ ᠰᠠᠷ᠎ᠠ ᠶᠢᠨ ᠪᠠᠶᠠᠷ ᠲᠤ᠂ ᠰᠤᠷᠪᠤᠯᠵᠢᠯᠠᠭᠴᠢ ᠡᠷᠢᠶᠡᠨ ᠬᠤᠲᠠ ᠶᠢᠨ ᠬᠢᠯᠢ ᠶᠢᠨ ᠢᠷᠭᠡᠳ ᠤᠨ ᠬᠤᠳᠠᠯᠳᠣᠭᠠᠨ ᠤ ᠲᠣᠭᠤᠷᠢᠭ ᠤᠨ ᠬᠢᠯᠢ ᠶᠢᠨ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠪᠣᠯᠣᠨ ᠬᠢᠯᠢ ᠶᠢᠨ ᠬᠠᠮᠠᠭᠠᠯᠠᠭᠴᠢ ᠶᠢ ᠳᠠᠭᠠᠵᠤ᠂ ᠴᠠᠰᠤᠲᠤ ᠲᠠᠯ᠎ᠠ ᠪᠠᠷ ᠥᠩᠭᠡᠷᠡᠵᠦ᠂ ᠬᠢᠯᠢ ᠶᠢᠨ ᠱᠤᠭᠤᠮ ᠳᠡᠭᠡᠷ᠎ᠡ ᠬᠦᠷᠴᠦ᠂ ᠲᠡᠳᠡᠨ ᠤ ᠴᠠᠭᠠᠨ ᠰᠠᠷ᠎ᠠ ᠶᠢᠨ ᠠᠮᠢᠳᠤᠷᠠᠯ ᠢ ᠰᠤᠷᠪᠤᠯᠵᠢᠯᠠᠪᠠ᠃
   ᠮᠠᠨ ᠤ ᠬᠤᠳᠠ ᠠᠴᠠ ᠮᠣᠷᠳᠠᠵᠤ ᠬᠢᠯᠢ ᠶᠢᠨ ᠱᠤᠭᠤᠮ ᠠᠴᠠ 30  ᠺᠢᠯᠣᠮᠧᠲᠷ ᠤᠨ ᠵᠠᠮ ᠬᠦᠷᠬᠦ ᠳᠤ᠂ ᠣᠭᠲᠠᠷᠭᠤᠢ ᠴᠡᠯᠮᠡᠭ᠃ ᠬᠡᠳᠦᠶᠢᠪᠡᠷ ᠴᠠᠭᠠᠨ ᠰᠠᠷ᠎ᠠ ᠦᠩᠬᠡᠷᠡᠭᠰᠡᠨ ᠪᠣᠯᠪᠠᠴᠤ ᠠᠷᠠᠳ ᠤᠨ ᠴᠠᠭᠳᠠᠭ᠎ᠠ ᠨᠠᠷ ᠮᠥᠨ ᠬᠦ ᠥᠩᠭᠡᠷᠡᠭᠰᠡᠨ ᠲᠠᠢ ᠪᠠᠨ ᠠᠳᠠᠯᠢ ᠪᠠᠷ ᠬᠢᠯᠢ ᠶᠢᠨ ᠱᠤᠭᠤᠮ ᠳᠡᠭᠡᠷ᠎ᠡ ᠵᠢᠵᠢᠭᠦᠷᠯᠡᠵᠦ᠂ ᠡᠬᠡ ᠣᠷᠣᠨ ᠤ ᠪᠠᠨ ᠠᠮᠤᠷ ᠲᠦᠪᠰᠢᠨ ᠢ ᠬᠠᠮᠠᠭᠠᠯᠠᠵᠤ ᠪᠠᠶᠢᠨ᠎ᠠ᠃ ᠳᠤᠷᠠᠳᠤᠭᠤᠰᠢᠲᠠᠢ ᠵᠦᠢᠯ ᠭᠡᠪᠡᠯ᠂ ᠡᠨᠡᠬᠦ ᠲᠣᠮᠢᠯᠠᠭᠰᠠᠨ ᠰᠠᠯᠪᠤᠷᠢ ᠳᠤ ᠠᠵᠢᠯᠯᠠᠵᠤ ᠪᠠᠶᠢᠭ᠎ᠠ ᠠᠷᠠᠳ ᠤᠨ ᠴᠠᠭᠳᠠᠭ᠎ᠠ ᠴᠥᠮ ᠨᠡᠯᠢᠶᠡᠳ ᠵᠠᠯᠠᠭᠤ ᠪᠠᠶᠢᠵᠤ᠂ ᠳᠤᠮᠳᠠᠴᠢ ᠨᠠᠰᠤ ᠨᠢ 32 ᠯᠠ ᠪᠠᠶᠢᠳᠠᠭ᠃ ᠡᠷᠢᠶᠡᠨ ᠬᠤᠲᠠ ᠶᠢᠨ ᠬᠢᠯᠢ   ᠶᠢᠨ ᠬᠠᠮᠢᠶᠠᠷᠤᠯᠲᠠ ᠶᠢᠨ ᠶᠡᠭᠡ ᠠᠩᠭᠢ ᠶᠢᠨ ᠬᠢᠯᠢ ᠶᠢᠨ ᠢᠷᠭᠡᠳ ᠤᠨ ᠬᠤᠳᠠᠯᠳᠣᠭᠠᠨ ᠤ ᠲᠣᠭᠤᠷᠢᠭ ᠤᠨ ᠬᠢᠯᠢ   ᠶᠢᠨ ᠲᠣᠮᠢᠯᠠᠭᠰᠠᠨ ᠰᠠᠯᠪᠤᠷᠢ   ᠶᠢᠨ ᠴᠠᠭᠳᠠᠭ᠎ᠠ ᠼᠠᠢ ᠯᠢ ᠮᠢᠩ ᠬᠡᠯᠡᠭᠰᠡᠨ  ᠨᠢ᠄ ︽ᠣᠳᠣ ᠬᠡᠳᠦᠶᠢᠪᠡᠷ ᠴᠠᠭᠠᠨ ᠰᠠᠷ᠎ᠠ ᠪᠣᠯᠵᠤ ᠪᠠᠶᠢᠭ᠎ᠠ ᠪᠣᠯᠪᠠᠴᠤ ᠪᠢᠳᠡ ᠪᠦᠬᠦ ᠵᠢᠯ ᠳᠤ 365 ᠡᠳᠦᠷ ᠵᠢᠵᠢᠭᠦᠷᠯᠡᠵᠦ᠂ ᠬᠢᠯᠢ ᠶᠢᠨ ᠱᠤᠭᠤᠮ ᠤᠨ ᠠᠮᠤᠷ ᠲᠦᠪᠰᠢᠨ ᠢ ᠰᠠᠬᠢᠨ ᠬᠠᠮᠠᠭᠠᠯᠠᠵᠤ ᠪᠠᠶᠢᠨ᠎ᠠ᠂ ᠴᠠᠭᠠᠨ ᠰᠠᠷ᠎ᠠ ᠴᠤ ᠡᠶᠢᠮᠦ ᠪᠠᠶᠢᠳᠠᠭ᠂ ᠥᠨᠥᠳᠥᠷ ᠠᠭᠤᠷ ᠠᠮᠢᠰᠬᠤᠯ ᠶᠡᠭᠡ ᠰᠠᠶᠢᠨ᠂ ᠰᠠᠯᠬᠢ ᠶᠡᠭᠡ ᠪᠢᠰᠢ ᠪᠣᠯᠬᠤᠷ ᠪᠢᠳᠡ ᠬᠢᠯᠢ   ᠶᠢᠨ ᠱᠤᠭᠤᠮ ᠢ ᠦᠵᠡᠬᠦ ᠪᠠᠷ ᠪᠠᠶᠢᠨ᠎ᠠ︾ ᠭᠡᠵᠡᠢ᠃     ᠳᠤᠮᠳᠠᠳᠤ ᠮᠣᠩᠭᠤᠯ ᠤᠨ ᠬᠢᠯᠢ ᠶᠢᠨ ᠱᠤᠭᠤᠮ ᠤᠨ ᠰᠤᠷᠪᠤᠯᠵᠢᠯᠠᠭᠴᠢ ᠶᠢᠨ ᠣᠯᠵᠤ ᠦᠵᠡᠭᠰᠡᠨ ᠢᠶᠠᠷ᠂ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠠᠮᠢᠳᠠᠨ ᠵᠡᠭᠡᠷ᠎ᠡ ᠶᠢᠨ ᠰᠦᠷᠦᠭ ᠪᠡᠯᠴᠢᠵᠦ ᠪᠠᠶᠢᠪᠠ᠃ ᠠᠷᠠᠳ ᠤᠨ ᠴᠠᠭᠳᠠᠭ᠎ᠠ ᠶᠢᠨ ᠲᠠᠨᠢᠯᠴᠠᠭᠤᠯᠤᠭᠰᠠᠨ ᠢᠶᠠᠷ᠂ ᠣᠶᠢᠷ᠎ᠠ ᠶᠢᠨ ᠵᠢᠯ ᠳᠤ᠂ ᠲᠠᠯ᠎ᠠ ᠨᠤᠲᠤᠭ ᠤᠨ ᠠᠮᠢ ᠠᠬᠤᠢ ᠶᠢᠨ ᠣᠷᠴᠢᠨ ᠨᠥᠬᠦᠴᠡᠯ ᠡᠳᠦᠷ ᠢᠷᠡᠬᠦᠶ᠎ᠡ ᠰᠠᠶᠢᠵᠢᠷᠠᠬᠤ ᠶᠢ ᠳᠠᠭᠠᠯᠳᠤᠨ᠂ ᠡᠯ᠎ᠡ ᠲᠥᠷᠥᠯ ᠤᠨ ᠬᠡᠭᠡᠷ᠎ᠡ ᠶᠢᠨ ᠠᠮᠢᠲᠠᠨ ᠤ ᠲᠤᠭ᠎ᠠ ᠬᠡᠮᠵᠢᠶ᠎ᠡ ᠢᠯᠡᠳᠲᠡ ᠨᠡᠮᠡᠭᠳᠡᠵᠦ᠂ ᠵᠢᠵᠢᠭᠦᠷᠯᠡᠬᠦ ᠦᠶ᠎ᠡ ᠳᠤ ᠡᠲᠡᠭᠡᠷ ᠬᠡᠭᠡᠷ᠎ᠡ ᠶᠢᠨ ᠠᠮᠢᠲᠠᠨ ᠢ ᠣᠨᠴᠠᠭᠠᠶᠢᠯᠠᠨ ᠠᠩᠬᠠᠷᠴᠤ᠂ ᠲᠡᠳᠡᠨ ᠤ ᠬᠠᠯᠳᠠᠯᠭ᠎ᠠ ᠳᠤ ᠤᠴᠠᠷᠠᠬᠤ ᠦᠭᠡᠢ ᠪᠠᠶᠢᠬᠤ ᠶᠢ ᠬᠠᠮᠠᠭᠠᠯᠠᠬᠤ ᠴᠢᠬᠤᠯᠠᠲᠠᠢ ᠪᠠᠶᠢᠨ᠎ᠠ᠃     ᠰᠦᠩ ᠶᠤᠸᠠᠨ ᠶᠤᠸᠠᠨ ᠪᠣᠯ ᠡᠷᠢᠶᠡᠨ ᠬᠤᠳᠠ ᠶᠢᠨ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠶᠢᠨ ᠬᠢᠯᠢ ᠶᠢᠨ ᠲᠣᠮᠢᠯᠠᠭᠰᠠᠨ ᠰᠠᠯᠪᠤᠷᠢ ᠶᠢᠨ ᠬᠢᠯᠢ ᠶᠢᠨ ᠬᠠᠮᠠᠭᠠᠯᠠᠭᠴᠢ᠂ ᠲᠡᠷᠡ ᠪᠠᠰᠠ ᠰᠢᠯᠢ ᠶᠢᠨ ᠭᠤᠣᠯ ᠤᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ 2022 ᠣᠨ ᠤ ᠬᠢᠯᠢ ᠶᠢᠨ ᠬᠠᠮᠠᠭᠠᠯᠠᠭᠴᠢ᠃ ᠰᠥᠩ ᠶᠤᠸᠠᠨ ᠶᠤᠸᠠᠨ ᠰᠤᠷᠪᠤᠯᠵᠢᠯᠠᠭᠴᠢ ᠳᠤ ᠬᠡᠯᠡᠬᠦ ᠳᠡᠭᠡᠨ᠂ ᠬᠢᠯᠢ ᠶᠢᠨ ᠬᠠᠮᠠᠭᠠᠯᠠᠯᠲᠠ ᠶᠢᠨ ᠠᠵᠢᠯᠲᠠᠨ ᠵᠢᠯ ᠲᠤᠷᠰᠢ ᠬᠢᠯᠢ ᠶᠢᠨ ᠨᠢᠭᠡᠳᠦᠭᠡᠷ ᠹᠷᠣᠨᠲ ᠲᠤ ᠰᠠᠬᠢᠨ ᠬᠠᠮᠠᠭᠠᠯᠠᠵᠤ᠂ ᠶᠠᠮᠠᠷ ᠪᠠᠶᠢᠳᠠᠯ ᠪᠠᠶᠢᠬᠤ ᠶᠢ ᠣᠯᠵᠤ ᠮᠡᠳᠡᠪᠡᠯ᠂ ᠬᠢᠯᠢ ᠶᠢᠨ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠲᠠᠢ ᠬᠠᠷᠢᠯᠴᠠᠵᠤ᠂ ᠴᠠᠭᠳᠠᠭ᠎ᠠ ᠠᠷᠠᠳ ᠭᠠᠷ ᠬᠤᠯᠪᠣᠯᠴᠠᠨ᠂ ᠬᠢᠯᠢ ᠶᠢᠨ ᠨᠢᠭᠡᠳᠦᠭᠡᠷ ᠹᠷᠣᠨᠲ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠲᠤ ᠪᠠᠷ ᠬᠠᠮᠠᠭᠠᠯᠠᠨ᠎ᠠ ᠭᠡᠵᠡᠢ᠃    
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号