ᠬᠤᠳᠠ ᠶᠢᠨ ᠤᠯᠠᠭᠠᠨᠮᠥ᠋ᠴᠢᠷ 2023 ᠣᠨ ᠤ ᠬᠠᠪᠤᠷ ᠤᠨ ᠤᠯᠠᠷᠢᠯ ᠤᠨ ᠬᠥᠭᠵᠢᠮ᠂ ᠪᠥᠵᠢᠭ ᠤᠨ ᠲᠤᠰᠬᠠᠢ ᠮᠡᠷᠭᠡᠵᠢᠯ ᠤᠨ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2023/2/9
    ᠤᠯᠠᠭᠠᠨᠮᠥ᠋ᠴᠢᠷ ᠤᠨ ᠭᠡᠰᠢᠭᠦᠳ ᠤᠨ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠩᠨᠡᠭᠡ ᠶᠢᠨ ᠵᠣᠬᠢᠶᠠᠨ ᠪᠦᠲᠦᠭᠡᠵᠦ ᠲᠣᠭᠯᠠᠬᠤ ᠬᠢᠷᠢ ᠲᠦᠪᠰᠢᠨ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠳᠣᠯᠠᠳᠠ᠂ 2 ᠳ᠋ᠤᠭᠠᠷ ᠰᠠᠷ᠎ᠠ ᠶᠢᠨ 8 ᠤ ᠡᠳᠦᠷ᠂ ᠬᠤᠲᠠ ᠶᠢᠨ ᠤᠯᠠᠭᠠᠨᠮᠥ᠋ᠴᠢᠷ 2023 ᠣᠨ ᠤ ᠬᠠᠪᠤᠷ ᠤᠨ ᠤᠯᠠᠷᠢᠯ ᠤᠨ ᠬᠥᠭᠵᠢᠮ᠂ ᠪᠥᠵᠢᠭ ᠤᠨ ᠪᠣᠯᠪᠠᠰᠣᠷᠠᠯ ᠢ 15 ᠡᠳᠦᠷ ᠤᠨ ᠬᠤᠭᠤᠴᠠᠭ᠎ᠠ ᠲᠠᠢ ᠥᠷᠨᠢᠭᠦᠯᠪᠡ᠃
   ᠲᠤᠰ ᠣᠳᠠᠭᠠᠨ ᠤ ᠪᠣᠯᠪᠠᠰᠤᠷᠠᠯ ᠳᠤ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ ᠤᠨ ᠳᠣᠷᠰᠢᠯᠭ᠎ᠠ ᠰᠠᠶᠢᠳᠠᠢ 3 ᠪᠠᠭᠰᠢ ᠶᠢ ᠣᠨᠴᠠ ᠣᠷᠢᠵᠦ᠂ ᠭᠤᠣᠯᠳᠠᠭᠤ ᠠᠷᠠᠳ ᠤᠨ ᠬᠥᠭᠵᠢᠮ ᠤᠨ ᠤᠨᠤᠯ ᠤᠨ ᠮᠡᠳᠡᠯᠭᠡ᠂ ᠠᠶ᠎ᠠ ᠬᠦᠭᠵᠢᠮᠳᠠᠬᠦ᠂ ᠳᠠᠭᠤᠤ ᠶᠢᠨ ᠬᠠᠪᠰᠤᠷᠤᠯᠭ᠎ᠠ ᠬᠥᠭᠵᠢᠮ᠂ ᠪᠥᠵᠢᠭ ᠤᠨ ᠦᠨᠳᠦᠰᠦᠨ ᠪᠣᠯᠪᠠᠰᠤᠷᠠᠯ᠂ ᠣᠶᠠᠨ ᠵᠦᠬᠡᠯᠡᠨ ᠴᠢᠨᠠᠷ ᠪᠠ ᠪᠢᠷ᠎ᠠ ᠴᠢᠳᠠᠯ ᠤᠨ ᠪᠣᠯᠪᠠᠰᠤᠷᠠᠯ᠂ ᠰᠣᠩᠭᠤᠳᠠᠭ ᠪᠥᠵᠢᠭ ᠵᠡᠷᠭᠡ ᠲᠠᠯ᠎ᠠ ᠪᠠᠷ ᠬᠢᠴᠢᠶᠡᠯᠯᠡᠬᠦᠯᠦᠨ᠎ᠡ᠃     ᠬᠤᠲᠠ ᠶᠢᠨ ᠤᠯᠠᠭᠠᠨᠮᠥ᠋ᠴᠢᠷ ᠤᠨ ᠳᠠᠷᠤᠭ᠎ᠠ ᠠᠴᠠ᠄ ︽ᠲᠣᠰ ᠤᠳᠠᠭᠠᠨ ᠤ ᠪᠣᠯᠪᠠᠰᠣᠷᠠᠯ ᠢᠶᠠᠷ᠂ ᠪᠥᠬᠦ ᠭᠡᠰᠢᠭᠦᠳ ᠤᠨ ᠲᠤᠰᠬᠠᠢ ᠮᠡᠷᠭᠡᠵᠢᠯ ᠤᠨ ᠬᠢᠷᠢ ᠲᠦᠪᠰᠢᠨ ᠤᠯᠠᠮ ᠨᠢᠭᠡ ᠠᠯᠬᠤᠮ ᠳᠡᠭᠡᠭᠰᠢᠯᠡᠬᠦ ᠪᠣᠯᠣᠨ᠎ᠠ᠃  ᠪᠣᠯᠪᠠᠰᠣᠷᠠᠯ ᠨᠢ ᠰᠢᠨ᠎ᠡ ᠴᠠᠭ ᠦᠶ᠎ᠡ ᠶᠢᠨ ᠤᠯᠠᠭᠠᠨᠮᠥ᠋ᠴᠢᠷ ᠤᠨ ︿ᠵᠢᠷᠭᠤᠳᠤᠭᠠᠷ ᠠᠩᠭᠢ﹀ ᠶᠢᠨ ᠪᠠᠶᠢᠭᠤᠯᠤᠯᠲᠠ ᠶᠢ ᠰᠠᠶᠢᠲᠤᠷ ᠪᠠᠳᠠᠷᠠᠭᠤᠯᠵᠤ᠂ ᠳᠡᠭᠡᠳᠦ ᠱᠠᠲᠤᠨ ᠤ ︿ᠬᠤᠶᠠᠷ ᠢ ᠴᠣᠭᠴᠠᠯᠠᠨ ᠪᠠᠶᠢᠭᠤᠯᠬᠤ﹀᠂ ︿ᠰᠤᠷᠤᠯᠴᠠᠬᠤ · ᠡᠭᠦᠳᠬᠦ · ᠲᠣᠭᠯᠠᠬᠤ﹀ ᠵᠡᠷᠭᠡ ᠠᠵᠢᠯ ᠤᠨ ᠱᠠᠭᠠᠷᠳᠠᠯᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠷᠭᠡᠨ ᠣᠯᠠᠨ ᠲᠦᠮᠡᠨ ᠳᠤ ᠨᠠᠩ ᠰᠠᠶᠢᠨ ᠲᠣᠭᠯᠠᠯᠲᠠ ᠶᠢᠨ ᠦᠢᠯᠡᠴᠢᠯᠡᠭᠡ ᠬᠠᠩᠭᠠᠵᠤ᠂ ᠲᠤᠰᠬᠠᠢ ᠮᠡᠷᠭᠡᠵᠢᠯ ᠤᠨ ᠪᠠᠲᠤ ᠪᠠᠬᠢ ᠰᠠᠭᠤᠷᠢ ᠶᠢ ᠲᠠᠯᠪᠢᠬᠤ ᠪᠣᠯᠣᠨ᠎ᠠ  ︾ ᠭᠡᠪᠡ᠃     ᠣᠶᠢᠯᠠᠭᠠᠭᠰᠠᠨ ᠢᠶᠠᠷ᠂ ᠬᠤᠲᠠ ᠶᠢᠨ ᠤᠯᠠᠭᠠᠨᠮᠥ᠋ᠴᠢᠷ ᠤᠨ ᠠᠩᠭᠢ ᠶᠢᠨ ᠭᠡᠰᠢᠭᠦᠳ ᠤᠨ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠶᠢᠨ ᠪᠣᠯᠪᠠᠰᠣᠷᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠢᠯ ᠪᠦᠷᠢ ᠳᠠᠭᠤᠣ ᠬᠥᠭᠵᠢᠮ᠂ ᠪᠥᠵᠢᠭ᠂ ᠵᠣᠬᠢᠶᠠᠨ ᠪᠦᠲᠦᠭᠡᠯᠭᠡ ᠵᠡᠷᠭᠡ ᠠᠭᠤᠯᠭ᠎ᠠ ᠶᠢ ᠪᠠᠭᠲᠠᠭᠠᠭᠰᠠᠨ ᠪᠣᠯᠪᠠᠰᠣᠷᠠᠯ ᠤᠨ ᠲᠥᠯᠥᠪᠯᠡᠭᠡ ᠶᠢ ᠨᠠᠷᠢᠨ ᠨᠢᠮᠪᠠᠢ ᠲᠣᠭᠲᠠᠭᠠᠵᠤ᠂ ᠲᠣᠭᠯᠠᠭᠴᠢᠳ ᠤᠨ ᠠᠵᠢᠯ ᠤᠨ ᠬᠠᠯᠠᠭᠤᠨ ᠰᠡᠳᠬᠢᠯᠭᠡ ᠪᠠ ᠢᠳᠡᠪᠬᠢᠵᠢᠯ ᠢ ᠬᠥᠭᠵᠢᠭᠡᠨ᠂ ᠤᠯᠠᠭᠠᠨᠮᠥ᠋ᠴᠢᠷ ᠤᠨ ᠤᠷᠠᠨ ᠰᠠᠶᠢᠬᠠᠨ ᠤ ᠲᠤᠰᠬᠠᠢ ᠮᠡᠷᠭᠡᠵᠢᠯ ᠤᠨ ᠬᠥᠭᠵᠢᠯᠲᠡ ᠶᠢ ᠨᠠᠩ ᠰᠠᠶᠢᠨ ᠠᠬᠢᠭᠤᠯᠵᠤ ᠪᠠᠶᠢᠨ᠎ᠠ᠃ ᠡᠭᠦᠨ ᠠᠴᠠ ᠭᠠᠳᠠᠨ᠎ᠠ᠂ ᠤᠯᠠᠭᠠᠨᠮᠥ᠋ᠴᠢᠷ ᠤᠨ ᠬᠢᠨ ᠲᠣᠭᠯᠠᠯᠲᠠ ᠪᠣᠯᠣᠨ ᠪᠣᠯᠪᠠᠰᠤᠷᠠᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠲᠤᠬᠠᠶᠢᠯᠠᠭᠰᠠᠨ ᠠᠵᠢᠯ ᠤᠨ ᠬᠡᠪ ᠪᠣᠯᠪᠠᠰᠤᠷᠠᠯ ᠢᠶᠠᠷ ᠰᠠᠶᠢᠨ ︽ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ︾  ᠢ ᠬᠦᠴᠦᠯᠡᠨ ᠪᠠᠶᠢᠭᠤᠯᠵᠤ᠂ ᠨᠡᠩ ᠰᠢᠯᠢᠳᠡᠭ ᠦᠢᠯᠡᠴᠢᠯᠡᠭᠡ ᠪᠠᠷ ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠵᠤ᠂ ᠤᠯᠠᠭᠠᠨᠮᠥ᠋ᠴᠢᠷ ᠤᠨ ᠡᠨᠡᠬᠦ ᠤᠯᠠᠭᠠᠨ ᠲᠤᠭ ᠢ ᠥᠷᠭᠡᠨ ᠠᠭᠤᠳᠠᠮ ᠲᠠᠯ᠎ᠠ ᠨᠤᠲᠤᠭ ᠲᠤ ᠡᠭᠦᠷᠢᠳᠡ ᠨᠠᠮᠢᠷᠠᠭᠤᠯᠬᠤ ᠪᠣᠯᠣᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号