【ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠠᠮᠤᠷ ᠲᠦᠪᠰᠢᠨ ᠬᠥᠭᠵᠢᠯᠲᠡ ᠶᠢ ᠠᠬᠢᠭᠤᠯᠤᠨ᠎ᠠ】 ᠬᠤᠲᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠭᠠᠯ ᠤᠨᠲᠠᠷᠠᠭᠠᠬᠤ ᠠᠮᠤᠷ ᠲᠦᠪᠰᠢᠨ ᠤ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/3/1
    2 ᠰᠠᠷ᠎ᠠ ᠶᠢᠨ 24 ᠤ ᠡᠳᠦᠷ᠂ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ  ᠬᠢᠨ ᠰᠦᠯᠵᠢᠶ᠎ᠡ ᠪᠠᠷ ᠰᠢᠭᠤᠳ ᠨᠡᠪᠲᠡᠷᠡᠭᠦᠯᠬᠦ ᠬᠡᠯᠪᠡᠷᠢ ᠪᠠᠷ ᠥᠨᠳᠥᠷ ᠳᠠᠪᠬᠤᠷᠭ᠎ᠠ ᠶᠢᠨ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠤᠨ ᠵᠡᠭᠡᠯᠢ ᠳᠠᠭᠠᠤ ᠶᠢᠨ ᠬᠤᠳᠠᠯᠳᠤᠭᠠᠨ ᠤ ᠫᠦᠰᠡᠨ ᠳᠤ ᠬᠦᠷᠴᠦ ᠲᠤᠬᠠᠢ ᠶᠢᠨ ᠭᠠᠵᠠᠷ ᠲᠤᠨᠢ ᠭᠠᠯ ᠤᠨ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠭᠰᠠᠨ ᠪᠥᠭᠡᠳ ᠰᠠᠭᠤᠭᠠᠯᠢ ᠲᠣᠭᠤᠷᠢᠭ ᠲᠤ ᠭᠦᠨᠵᠡᠭᠡᠶᠢᠷᠡᠨ ᠭᠠᠯ ᠤᠨ ᠭᠠᠮᠰᠢᠭ ᠢ ᠰᠡᠷᠭᠡᠶᠢᠯᠡᠬᠦ ᠪᠠᠭ᠎ᠠ ᠮᠡᠷᠭᠡᠵᠢᠯ ᠵᠢᠴᠢ ᠠᠷᠭᠠᠴᠠᠬᠤ ᠠᠷᠭ᠎ᠠ ᠶᠢ ᠵᠢᠭᠠᠪᠠ᠃ ᠰᠢᠯᠢ  ᠶᠢᠨ ᠭᠤᠣᠯ ᠠᠶᠢᠮᠠᠭ ᠤᠨ ᠭᠠᠯ ᠤᠨᠲᠠᠷᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ   ᠶᠢᠨ ᠠᠯᠪᠠᠨ ᠤ ᠲᠠᠯ᠎ᠠ   ᠶᠢᠨ ᠪᠦᠷᠭᠡ᠂  ᠵᠢᠷᠬᠢᠭᠡ ᠲᠠᠪᠴᠠᠩ   ᠢ ᠵᠡᠷᠭᠡ ᠪᠠᠷ ᠰᠢᠭᠤᠳ ᠨᠠᠪᠲᠠᠷᠡᠭᠦᠯᠵᠦ᠂ ᠬᠡᠳᠦᠨ ᠮᠢᠩᠭᠠᠨ ᠬᠥᠮᠥᠨ ᠤ ᠠᠩᠬᠠᠷᠤᠯ   ᠢ ᠲᠠᠲᠠᠵᠤ᠂ ᠮᠠᠭᠲᠠᠭᠠᠯ ᠰᠠᠶᠢᠰᠢᠶᠠᠯ   ᠢ ᠣᠯᠪᠠ᠃      ᠰᠢᠭᠤᠳ ᠨᠡᠪᠲᠡᠷᠡᠭᠦᠯᠬᠦ ᠶᠠᠪᠤᠴᠠ ᠳᠤ᠂ ᠬᠥᠲᠥᠯᠥᠭᠴᠢ ᠪᠣᠯᠣᠨ ᠭᠠᠯ ᠤᠨᠲᠠᠷᠠᠭᠠᠬᠤ ᠬᠢᠨᠠᠯᠲᠠ ᠲᠠᠯᠪᠢᠭᠴᠢ ᠬᠠᠮᠲᠤ ᠪᠠᠷ ᠵᠡᠭᠡᠯᠢ ᠳᠠᠭᠠᠤ ᠶᠢᠨ ᠬᠤᠳᠠᠯᠳᠤᠭᠠᠨ ᠤ ᠫᠦᠰᠡᠨ ᠳᠤ ᠬᠦᠷᠴᠦ᠂ ᠲᠤᠬᠠᠢ ᠶᠢᠨ ᠲᠠᠯᠠᠪᠤᠷ ᠲᠤ ᠭᠠᠯ ᠤᠨᠲᠠᠷᠠᠭᠠᠬᠤ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠬᠤ᠂ ᠬᠠᠷᠢᠯᠴᠠᠨ ᠠᠰᠠᠭᠤᠵᠤ ᠬᠠᠷᠢᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠭᠠᠯ ᠤᠨ ᠠᠶᠤᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠬᠤ᠂ ᠭᠠᠯ ᠤᠨᠲᠠᠷᠠᠭᠠᠭᠤᠷ ᠤᠨ ᠲᠥᠷᠥᠯ ᠵᠦᠢᠯ ᠢ ᠰᠣᠩᠭᠤᠨ ᠬᠡᠷᠡᠭᠯᠡᠬᠦ᠂ ᠬᠠᠨ᠎ᠠ ᠶᠢᠨ ᠭᠠᠯ ᠤᠨᠲᠠᠷᠠᠭᠠᠭᠤᠯ ᠢ ᠬᠡᠷᠡᠭᠯᠡᠬᠦ ᠠᠷᠭ᠎ᠠ ᠵᠡᠷᠭᠡ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠵᠢᠭᠠᠪᠠ᠃     ᠰᠢᠭᠤᠳ ᠨᠡᠪᠲᠡᠷᠡᠭᠦᠯᠬᠦ ᠠᠵᠢᠯᠯᠠᠭ᠎ᠠ ᠨᠢ ᠪᠠᠰᠠ ᠭᠠᠯ ᠤᠨᠲᠠᠷᠠᠭᠠᠬᠤ ᠮᠠᠰᠢᠨ ᠲᠡᠷᠭᠡᠨ ᠤ ᠬᠠᠷᠠᠭᠠᠰᠤ ᠪᠠᠷ ᠥᠷᠭᠡᠨ ᠤᠯᠠᠨ ᠰᠦᠯᠵᠢᠶᠡᠨ ᠤ ᠨᠠᠶᠢᠵᠠ ᠨᠠᠷ ᠢ ᠳᠠᠭᠠᠭᠤᠯᠵᠤ ︽ᠠᠮᠢ ᠨᠠᠰᠤᠨ ᠤ ᠵᠠᠮ︾  ᠤᠨ ᠴᠢᠬᠤᠯᠠ ᠴᠢᠨᠠᠷ ᠢ ᠣᠶᠢᠯᠠᠭᠠᠵᠦ᠂ ᠰᠠᠭᠤᠭᠠᠯᠢ ᠠᠷᠠᠳ ᠤᠨ ᠲᠣᠭᠤᠷᠢᠭ ᠤᠨ ᠳᠣᠲᠣᠭᠠᠳᠤ ᠶᠢᠨ ᠭᠠᠯ ᠤᠨᠲᠠᠷᠠᠭᠠᠬᠤ ᠵᠠᠮ ᠤᠨ ᠬᠤᠪᠢᠶᠠᠷᠢᠯᠠᠯ᠂ ᠭᠠᠯ ᠤᠨᠲᠠᠷᠠᠭᠠᠬᠤ ᠵᠠᠮ ᠢ ᠡᠵᠡᠯᠡᠨ ᠬᠡᠷᠡᠭᠯᠡᠬᠦ ᠶᠢᠨ ᠬᠤᠣᠷ ᠬᠥᠨᠥᠭᠡᠯᠳᠦ ᠴᠢᠨᠠᠷ᠂ ᠠᠮᠤᠷ ᠲᠦᠪᠰᠢᠨ ᠤ ᠲᠠᠷᠬᠠᠭᠠᠯᠲᠠ ᠶᠢᠨ ᠲᠡᠮᠳᠡᠭ ᠵᠡᠷᠭᠡ ᠮᠡᠳᠡᠯᠭᠡ ᠶᠢ ᠭᠤᠣᠯᠳᠠᠯᠭ᠎ᠠ ᠲᠠᠢ ᠶᠠᠷᠢᠵᠠᠢ᠃ ᠡᠭᠦᠨ ᠤ ᠳᠠᠷᠠᠭ᠎ᠠ᠂ ᠬᠥᠲᠥᠯᠥᠭᠴᠢ ᠪᠣᠯᠣᠨ ᠭᠠᠯ ᠤᠨᠲᠠᠷᠠᠭᠠᠬᠤ ᠠᠵᠢᠯ ᠤᠨ ᠬᠢᠨᠠᠯᠲᠠ ᠲᠠᠯᠪᠢᠭᠴᠢ ᠰᠠᠭᠤᠭᠠᠯᠢ ᠠᠷᠠᠳ ᠤᠨ ᠭᠡᠷ ᠲᠤ ᠬᠦᠷᠴᠦ᠂ ᠡᠳᠦᠷ ᠲᠤᠲᠤᠮ ᠤᠨ ᠠᠮᠢᠳᠤᠷᠠᠯ ᠤᠨ ᠲᠠᠯ᠎ᠠ   ᠠᠴᠠ ᠡᠭᠦᠰᠴᠦ᠂ ᠡᠳᠦᠷ ᠲᠤᠲᠤᠮ ᠤᠨ ᠠᠮᠢᠳᠤᠷᠠᠯ ᠤᠨ ᠳᠤᠮᠳᠠ ᠭᠠᠷᠴᠤ ᠮᠡᠳᠡᠬᠦ ᠭᠠᠯ ᠤᠨ ᠭᠠᠮᠰᠢᠭ ᠤᠨ ᠳᠠᠯᠳᠠ ᠬᠡᠮ   ᠢ ᠲᠣᠭᠠᠴᠢᠨ ᠶᠠᠷᠢᠵᠤ᠂ ᠥᠷᠭᠡᠨ ᠣᠯᠠᠨ ᠰᠦᠯᠵᠢᠶᠡᠨ ᠨᠠᠶᠢᠵᠠ ᠨᠠᠷ   ᠢ ᠭᠡᠷ ᠪᠦᠯᠢ   ᠶᠢᠨ ᠭᠠᠯ ᠤᠨ ᠭᠠᠮᠰᠢᠭ   ᠢ ᠰᠡᠷᠭᠡᠶᠢᠯᠡᠬᠦ   ᠶᠢ ᠴᠢᠬᠤᠯᠠᠴᠢᠯᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ   ᠶᠢ ᠰᠤᠷᠤᠯᠴᠠᠬᠤ ᠬᠡᠷᠡᠭᠲᠡᠢ ᠭᠡᠵᠦ ᠤᠷᠢᠶᠠᠯᠠᠵᠠᠢ᠃     ᠠᠵᠢᠯᠯᠠᠭ᠎ᠠ ᠶᠢᠨ ᠡᠴᠦᠰ ᠲᠤ᠂ ᠭᠠᠯ ᠤᠨᠲᠠᠷᠠᠭᠠᠯᠲᠠ ᠶᠢᠨ ᠠᠪᠤᠷᠠᠨ ᠲᠤᠰᠠᠯᠠᠬᠤ ᠠᠵᠢᠯᠲᠠᠳ ᠭᠠᠯ ᠤᠨᠲᠠᠷᠠᠭᠠᠭᠤᠷ ᠢ ᠬᠡᠷᠡᠭᠯᠡᠬᠦ ᠠᠷᠭ᠎ᠠ ᠶᠢ ᠲᠠᠶᠢᠯᠪᠤᠷᠢᠯᠠᠬᠤ ᠶᠢᠨ ᠬᠠᠮᠲᠤ ᠲᠤᠬᠠᠢ ᠶᠢᠨ ᠲᠠᠯᠠᠪᠤᠷ ᠤᠨ ᠰᠠᠭᠤᠭᠠᠯᠢ ᠠᠷᠠᠳ ᠢ ᠵᠣᠬᠢᠶᠠᠨ ᠪᠠᠶᠢᠭᠤᠯᠤᠨ ᠭᠠᠯ ᠤᠨᠲᠠᠷᠠᠭᠠᠭᠤᠷ ᠤᠨ ᠪᠣᠳᠠᠲᠤ ᠪᠣᠯᠪᠠᠰᠤᠷᠠᠯ ᠤᠨ ᠰᠣᠷᠢᠯᠲᠠ ᠶᠢ ᠥᠷᠨᠢᠭᠦᠯᠵᠦ᠂ ᠰᠠᠭᠤᠭᠠᠯᠢ ᠠᠷᠠᠳ ᠪᠥᠬᠦ ᠶᠠᠪᠤᠴᠠ ᠳᠤ ᠢᠳᠡᠪᠬᠢᠲᠡᠢ ᠣᠷᠣᠯᠴᠠᠵᠤ᠂ ᠰᠢᠭᠤᠳ ᠨᠡᠪᠲᠡᠷᠡᠭᠦᠯᠬᠦ ᠲᠠᠰᠤᠭ ᠲᠤ ᠬᠥᠷ ᠬᠥᠭᠵᠢᠶᠡᠨ ᠢᠶᠠᠷ ᠪᠢᠯᠬᠠᠵᠤ ᠪᠠᠶᠢᠯ᠎ᠠ᠃     ᠲᠣᠰ ᠤᠳᠠᠭᠠᠨ ᠤ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠶᠢᠨ ᠴᠠᠭ ᠤᠨ ᠣᠷᠳᠣ ᠨᠢ ᠪᠠᠷᠤᠭ 1 ᠴᠠᠭ ᠪᠠᠶᠢᠵᠤ᠂ ᠨᠡᠶᠢᠲᠡ 4000 ᠭᠠᠷᠤᠢ ᠤᠳᠠᠭ᠎ᠠ ᠭᠦᠶᠦᠯᠭᠡᠨ ᠦᠵᠡᠵᠡᠢ᠃ ᠲᠣᠰ ᠤᠳᠠᠭᠠᠨ ᠤ ᠰᠦᠯᠵᠢᠶᠡᠨ ᠤ ᠰᠢᠭᠤᠳ ᠨᠡᠪᠲᠡᠷᠡᠭᠦᠯᠭᠡ ᠪᠠᠷ ᠳᠡᠮᠵᠢᠨ᠂ ᠨᠢᠭᠡ ᠪᠦᠯᠦᠭ ᠭᠠᠯ ᠤᠨᠲᠠᠷᠠᠭᠠᠬᠤ ᠠᠮᠤᠷ ᠲᠦᠪᠰᠢᠨ ᠤ ︽ᠮᠡᠷᠭᠡᠨ ᠬᠥᠮᠥᠨ ︾ ᠢ ᠬᠥᠮᠥᠵᠢᠭᠦᠯᠵᠦ᠂ ᠣᠯᠠᠨ ᠲᠦᠮᠡᠨ ᠤ ᠭᠠᠯ ᠤᠨ ᠠᠶᠤᠯ ᠢ ᠰᠡᠷᠭᠡᠶᠢᠯᠡᠬᠦ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠤᠨ᠂ ᠪᠥᠬᠦ ᠬᠤᠲᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠪᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号