ᠡᠷᠢᠶᠡᠨ ᠪᠣᠭᠤᠮᠲᠠ ᠶᠢᠨ ᠪᠣᠭᠤᠮᠲᠠ ᠥᠩᠭᠡᠷᠡᠬᠦ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠲᠣᠭᠲᠠᠭᠤᠨ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2023/3/1
    ︽ᠰᠢᠨ᠎ᠡ ᠠᠶᠠᠨ ᠳᠤ ᠭᠠᠪᠰᠢᠭᠠᠶᠢᠯᠠᠨ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠰᠤᠭᠠᠢ︾     ᠡᠨᠡ ᠵᠢᠯ ᠠᠴᠠ ᠨᠠᠰᠢ᠂ ᠡᠷᠢᠶᠡᠨ ᠪᠣᠭᠤᠮᠲᠠ ᠨᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠡᠭᠡᠭᠡᠪᠦᠷᠢ ᠶᠢᠨ ᠬᠡᠮᠵᠢᠶ᠎ᠡ ᠶᠢᠨ ᠲᠦᠷᠭᠡᠨ ᠨᠡᠮᠡᠭᠳᠡᠬᠦ ᠠᠵᠠ ᠲᠣᠬᠢᠶᠠᠯ ᠢ ᠴᠢᠩᠭ᠎ᠠ ᠠᠳᠬᠤᠵᠤ᠂ ︽ᠪᠣᠭᠤᠮᠲᠠ ᠪᠠᠷ ᠶᠡᠬᠡᠪᠡᠷ ᠥᠩᠭᠡᠷᠡᠬᠦ᠂ ᠪᠠᠷᠠᠭ᠎ᠠ ᠶᠡᠬᠡᠪᠡᠷ ᠥᠩᠭᠡᠷᠡᠬᠦ᠂ ᠪᠣᠳᠠᠲᠠᠢ ᠪᠠᠷ ᠨᠠᠶᠢᠳᠠᠪᠤᠷᠢᠵᠢᠭᠤᠯᠬᠤ︾ ᠶᠢ ᠪᠣᠳᠣᠯᠬᠢᠯᠠᠨ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠪᠣᠭᠤᠮᠲᠠ ᠪᠠᠷ ᠥᠩᠭᠡᠷᠡᠬᠦ ᠴᠢᠳᠠᠮᠵᠢ ᠶᠢ ᠨᠡᠮᠡᠭᠳᠡᠭᠦᠯᠵᠦ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ ᠲᠣᠭᠲᠠᠭᠤᠨ ᠢᠶᠠᠷ ᠨᠡᠮᠡᠭᠳᠡᠭᠦᠯᠪᠡ᠃
    ᠡᠷᠢᠶᠡᠨ ᠪᠣᠭᠤᠮᠲᠠ ᠨᠢ ᠳᠤᠮᠳᠠᠳᠤ ᠮᠣᠩᠭᠤᠯ ᠤᠨ ᠠᠷᠠᠯᠵᠢᠶᠠᠨ ᠤ 70% ᠠᠴᠠ ᠳᠡᠭᠡᠭᠰᠢᠬᠢ ᠡᠳᠦᠷ ᠲᠤᠲᠤᠮ ᠤᠨ ᠠᠮᠢᠳᠤᠷᠠᠯ ᠤᠨ ᠬᠡᠷᠡᠭᠰᠡᠯ ᠤᠨ ᠬᠠᠭᠤᠷᠠᠢ ᠵᠠᠮ ᠤᠨ ᠲᠡᠭᠡᠭᠡᠪᠦᠷᠢ ᠶᠢᠨ ᠡᠭᠦᠷᠭᠡ ᠶᠢ ᠡᠭᠦᠷᠭᠡᠯᠡᠵᠦ ᠪᠣᠶ᠃ ᠡᠨᠡ ᠵᠢᠯ ᠠᠴᠠ ᠨᠠᠰᠢ᠂ ᠡᠷᠢᠶᠡᠨ ᠬᠤᠲᠠ ᠶᠢᠨ ᠪᠣᠭᠤᠮᠲᠠ ᠠᠴᠠ ᠣᠷᠣᠭᠤᠯᠤᠭᠰᠠᠨ ᠲᠡᠮᠦᠷ ᠤᠨ ᠬᠦᠳᠡᠷ᠂ ᠨᠡᠭᠦᠷᠡᠰᠦ᠂ ᠵᠡᠰ ᠤᠨ ᠠᠭᠤᠷᠬᠠᠢ ᠶᠢᠨ ᠨᠤᠨᠳᠠᠭ ᠨᠡᠮᠡᠭᠳᠡᠬᠦ ᠬᠠᠨᠳᠤᠰᠢ ᠲᠠᠢ ᠪᠣᠯᠵᠤ᠂ ᠭᠠᠳᠠᠭᠠᠳᠤ ᠳᠤ ᠭᠠᠷᠭᠠᠬᠤ ᠲᠠᠸᠠᠷ ᠤᠨ ᠲᠡᠷᠭᠡ᠂ ᠪᠣᠯᠣᠳ ᠮᠠᠲ᠋ᠧᠷᠢᠶᠠᠯ᠂ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠮᠠᠲ᠋ᠧᠷᠢᠶᠠᠯ᠂ ᠢᠳᠡᠭᠡᠨ ᠤ ᠵᠦᠢᠯ ᠤᠨ ᠨᠡᠮᠡᠭᠳᠡᠯ ᠤᠨ ᠬᠡᠮᠵᠢᠶ᠎ᠡ ᠢᠯᠡᠳᠲᠡ ᠪᠣᠯᠵᠤ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠠᠷᠠᠯᠵᠢᠶ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠪᠠ᠃ ᠣᠳᠣᠬᠠᠨ ᠳᠤ᠂ ᠵᠠᠰᠠᠮᠠᠯ ᠵᠠᠮ ᠤᠨ ᠪᠣᠭᠤᠮᠲᠠ ᠳᠤ ᠳᠤᠮᠳᠠᠴᠢ ᠪᠠᠷ ᠡᠳᠦᠷ ᠪᠦᠷᠢ 260 ᠭᠠᠷᠤᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠭᠦᠢᠴᠡᠳᠬᠡᠵᠦ᠂ ᠡᠯ᠎ᠡ ᠵᠦᠢᠯ ᠤᠨ ᠪᠠᠶᠢᠴᠠᠭᠠᠨ ᠰᠢᠯᠭᠠᠯᠲᠠ ᠶᠢ ᠥᠩᠭᠡᠷᠡᠭᠡᠭᠰᠡᠨ ᠤ ᠳᠠᠷᠠᠭ᠎ᠠ᠂  ᠪᠠᠷᠠᠭᠠᠨ ᠤ ᠲᠡᠷᠭᠡ ᠪᠣᠭᠤᠮᠲᠠ ᠪᠠᠷ ᠤᠷᠤᠭᠰᠢᠲᠠᠢ ᠪᠠᠷ ᠥᠩᠭᠡᠷᠡᠵᠦ ᠪᠠᠶᠢᠨ᠎ᠠ᠃    ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ 2 ᠰᠠᠷ᠎ᠠ ᠶᠢᠨ 26 ᠤ ᠡᠳᠦᠷ ᠪᠣᠯᠲᠠᠯ᠎ᠠ᠂ ᠡᠷᠢᠶᠡᠨ ᠬᠤᠲᠠ ᠶᠢᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠨᠡᠶᠢᠲᠡ 282.4 ᠲᠦᠮᠡᠨ ᠲᠣᠨ ᠳᠤ ᠬᠦᠷᠴᠡᠢ᠃ ᠡᠭᠦᠨ ᠳᠤ᠂ ᠲᠡᠮᠦᠷ ᠵᠠᠮ ᠤᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 265.7 ᠲᠦᠮᠡᠨ ᠲᠣᠨ᠂ ᠵᠠᠰᠠᠮᠠᠯ ᠵᠠᠮ ᠤᠨ ᠪᠣᠭᠤᠮᠲᠠ ᠶᠢᠨ ᠭᠠᠳᠠᠭᠠᠳᠤ   ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 16.6 ᠲᠦᠮᠡᠨ ᠲᠣᠨ᠂ ᠬᠢᠯᠢ ᠪᠠᠷ ᠣᠷᠣᠭᠤᠯᠵᠤ ᠭᠠᠷᠭᠠᠬᠤ ᠬᠥᠮᠥᠰ ᠤᠨ ᠲᠤᠭ᠎ᠠ 6.7 ᠲᠦᠮᠡᠨ ᠬᠥᠮᠥᠨ ᠪᠠᠶᠢᠵᠦ᠂ 1 ᠳ᠋ᠣᠭᠡᠷ ᠰᠠᠷ᠎ᠠ ᠳᠤ ᠪᠥᠬᠦ ᠣᠷᠣᠨ ᠤ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠭᠤᠷᠪᠠᠳᠤᠭᠠᠷ ᠲᠤ ᠣᠷᠣᠪᠠ᠃     ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠡᠷᠴᠢᠮᠲᠡᠢ ᠨᠡᠮᠡᠭᠳᠡᠵᠦ ᠪᠠᠶᠢᠭ᠎ᠠ ᠪᠠᠶᠢᠳᠠᠯ ᠤᠨ ᠡᠮᠦᠨ᠎ᠡ᠂ ᠡᠷᠢᠶᠡᠨ ᠪᠣᠭᠤᠮᠲᠠ ᠨᠢ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠪᠣᠭᠤᠮᠲᠠ ᠪᠠᠷ ᠥᠩᠭᠡᠷᠡᠬᠦ ᠶᠢ ᠪᠠᠲᠤᠯᠠᠵᠤ᠂ ᠲᠡᠭᠡᠭᠡᠪᠦᠷᠢ ᠶᠢᠨ ᠬᠦᠴᠦᠨ ᠢ ᠪᠠᠲᠤᠯᠠᠵᠠᠢ᠃ ᠵᠠᠰᠠᠮᠠᠯ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠪ ᠤᠨ ᠪᠣᠭᠤᠮᠲᠠ ᠪᠠᠷ ᠥᠩᠭᠡᠷᠡᠬᠦ ᠲᠡᠭᠡᠭᠡᠪᠦᠷᠢ ᠶᠢᠨ ᠵᠠᠭᠪᠤᠷ ᠳᠣᠣᠷ᠎ᠠ᠂ AGV ᠵᠢᠯᠣᠭᠤᠴᠢ ᠦᠭᠡᠢ ᠲᠡᠭᠡᠭᠡᠪᠦᠷᠢ ᠶᠢᠨ ᠵᠠᠭᠪᠤᠷ ᠢ ᠤᠳᠠᠯ ᠦᠭᠡᠢ ᠬᠡᠷᠡᠭᠵᠢᠭᠦᠯᠵᠦ᠂ ᠵᠢᠯᠣᠭᠤᠴᠢ ᠲᠠᠢ ᠳᠡᠭᠡᠭᠡᠪᠣᠷᠢ ᠪᠠ ᠵᠢᠯᠣᠭᠤᠴᠢ ᠦᠭᠡᠢ ᠲᠡᠭᠡᠭᠡᠪᠦᠷᠢ ᠶᠢ ᠵᠡᠷᠭᠡ ᠪᠠᠷ ᠶᠠᠪᠤᠭᠤᠯᠬᠤ᠂ ᠶᠡᠷᠦᠩᠬᠡᠶᠢᠯᠡᠭᠰᠡᠨ ᠴᠢᠨᠠᠷᠲᠠᠢ ᠨᠡᠪᠲᠡᠷᠡᠬᠦ ᠵᠠᠮ ᠪᠠ ᠠᠭᠤᠷᠬᠠᠢ ᠶᠢᠨ ᠭᠠᠷᠤᠯᠲᠠ ᠶᠢᠨ ᠲᠤᠰᠬᠠᠢ ᠨᠡᠪᠲᠡᠷᠡᠬᠦ ᠵᠠᠮ ᠢ ᠵᠡᠷᠭᠡ ᠪᠠᠷ ᠶᠠᠪᠤᠭᠤᠯᠬᠤ ᠣᠯᠠᠨ ᠵᠦᠢᠯ ᠤᠨ ᠪᠣᠭᠤᠮᠲᠠ ᠪᠠᠷ ᠥᠩᠭᠡᠷᠡᠬᠦ ᠵᠠᠭᠪᠤᠷ ᠢ ᠪᠡᠶᠡᠯᠡᠭᠦᠯᠵᠦ᠂ ᠪᠣᠭᠤᠮᠲᠠ ᠪᠠᠷ ᠥᠩᠭᠡᠷᠡᠬᠦ ᠣᠶᠤᠨᠴᠢᠯᠠᠯᠲᠠ ᠂ ᠳᠥᠭᠦᠮᠴᠢᠯᠡᠯᠲᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠣᠭᠤᠮᠲᠠ ᠪᠠᠷ ᠥᠩᠭᠡᠷᠡᠬᠦ ᠪᠠᠷᠠᠭᠠᠨ ᠤ ᠬᠡᠪᠴᠢᠶ᠎ᠡ ᠶᠢ ᠶᠡᠭᠡ ᠪᠠᠷ ᠳᠡᠭᠡᠭᠰᠢᠯᠡᠬᠦᠯᠪᠡ᠃     ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠪᠣᠭᠤᠮᠲᠠ ᠪᠠᠷ ᠥᠩᠭᠡᠷᠡᠬᠦ ᠶᠢ ᠵᠣᠬᠢᠴᠠᠭᠤᠯᠬᠤ ᠰᠠᠯᠠᠭᠠᠨ ᠤ ᠬᠠᠷᠢᠭᠤᠴᠠᠯᠭᠠᠲᠠᠨ ᠨᠠᠷᠠᠩᠭᠤᠸ᠎ᠠ᠄ ︽ᠪᠣᠭᠤᠮᠲᠠ ᠶᠢᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠶᠢᠨ ᠳᠣᠯᠠᠳᠠ᠂ ᠪᠢᠳᠡ ᠪᠣᠭᠤᠮᠲᠠ ᠪᠠᠷ ᠥᠩᠭᠡᠷᠡᠬᠦ ᠶᠢ ᠪᠠᠲᠤᠯᠠᠬᠤ᠂ ᠲᠡᠭᠡᠭᠡᠪᠦᠷᠢ ᠶᠢᠨ ᠬᠦᠴᠦᠨ ᠢ ᠪᠠᠲᠤᠯᠠᠬᠤ᠂ ᠠᠮᠤᠷ ᠲᠦᠪᠰᠢᠨ ᠢ ᠪᠠᠲᠤᠯᠠᠭᠰᠠᠨ ᠰᠠᠭᠤᠷᠢᠨ ᠳᠡᠭᠡᠷ᠎ᠡ᠂ ᠠᠯᠢ ᠣᠯᠠᠨ ᠠᠷᠭ᠎ᠠ ᠬᠡᠮᠵᠢᠶ᠎ᠡ ᠠᠪᠴᠤ ᠪᠠᠶᠢᠭᠠᠳ ᠶᠠᠪᠤᠴᠠ ᠶᠢ ᠳᠥᠭᠦᠮᠴᠢᠯᠡᠵᠦ᠂ ᠪᠣᠭᠤᠮᠲᠠ ᠪᠠᠷ ᠥᠩᠭᠡᠷᠡᠬᠦ ᠪᠠᠷᠠᠭᠠᠨ ᠤ ᠲᠡᠭᠡᠭᠡᠪᠦᠷᠢ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠣᠭᠤᠮᠲᠠ ᠪᠠᠷ ᠭᠠᠷᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ ᠲᠣᠭᠲᠠᠭᠤᠨ ᠢᠶᠠᠷ ᠨᠡᠮᠡᠭᠳᠡᠭᠦᠯᠦᠨ᠎ᠡ᠃ ᠨᠢᠭᠡ ᠳᠤ ᠵᠠᠰᠠᠮᠠᠯ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠳᠤ ᠪᠣᠭᠤᠮᠲᠠ ᠪᠠᠷ ᠥᠩᠭᠡᠷᠡᠬᠦ ᠣᠯᠠᠨ ᠵᠦᠢᠯ ᠤᠨ ᠲᠡᠭᠡᠭᠡᠪᠦᠷᠢ ᠶᠢᠨ ᠵᠠᠭᠪᠤᠷ ᠢ ᠬᠡᠷᠡᠭᠯᠡᠨ᠎ᠡ᠂ ᠬᠤᠶᠠᠷ ᠲᠤ ᠬᠢᠯᠢ ᠠᠯᠤᠰᠯᠠᠭᠰᠠᠨ ᠲᠡᠭᠡᠭᠡᠪᠦᠷᠢ ᠶᠢᠨ ᠲᠡᠷᠭᠡ ᠬᠥᠰᠬᠡ ᠶᠢᠨ ᠬᠠᠮᠢᠶᠠᠷᠤᠯᠲᠠ ᠶᠢ ᠴᠢᠩᠭᠠᠳᠬᠠᠨ᠎ᠠ᠂ ᠭᠤᠷᠪᠠ ᠳᠤ ᠶᠡᠭᠡ ᠬᠡᠮᠵᠢᠶᠡᠨ ᠤ ᠲᠠᠸᠠᠷ ᠤᠨ ᠨᠡᠮᠡᠭᠳᠡᠯ ᠤᠨ ᠪᠠᠶᠢᠳᠠᠯ ᠢ ᠪᠠᠲᠤᠯᠠᠬᠤ ᠶᠢᠨ ᠲᠥᠯᠥᠭᠡ᠂ ᠲᠡᠮᠦᠷ ᠵᠠᠮ ᠤᠨ ᠪᠣᠭᠤᠮᠲᠠ᠂ ᠵᠠᠰᠠᠮᠠᠯ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢᠨ ᠪᠣᠭᠤᠮᠲᠠ ᠪᠠᠷ ᠥᠩᠭᠡᠷᠡᠬᠦ ᠦᠢᠯᠡᠴᠢᠯᠡᠭᠡᠨ ᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ  ᠪᠠᠳᠣᠯᠠᠨ᠎ᠠ  ︾᠃    ᠡᠭᠦᠨ ᠤ ᠵᠡᠷᠭᠡ ᠳᠤ᠂ ᠡᠷᠢᠶᠡᠨ ᠪᠣᠭᠤᠮᠲᠠ ᠨᠢ ᠮᠣᠩᠭᠤᠯ ᠤᠯᠤᠰ ᠤᠨ ᠪᠣᠭᠤᠮᠲᠠ ᠶᠢᠨ ᠰᠠᠯᠠᠭ᠎ᠠ ᠮᠥᠴᠢᠷ ᠲᠠᠢ ᠨᠡᠪᠲᠡᠷᠡᠯᠴᠡᠨ ᠬᠠᠷᠢᠯᠴᠠᠬᠤ ᠪᠠᠨ ᠴᠢᠩᠭᠠᠳᠬᠠᠵᠤ᠂ ᠬᠢᠯᠢ ᠠᠯᠤᠰᠯᠠᠭᠰᠠᠨ ᠲᠡᠭᠡᠭᠡᠪᠦᠷᠢ ᠶᠢᠨ ᠲᠡᠷᠭᠡ ᠬᠥᠰᠬᠡ ᠶᠢᠨ ᠬᠠᠮᠢᠶᠠᠷᠤᠯᠲᠠ᠂ ᠪᠣᠭᠤᠮᠲᠠ ᠪᠠᠷ ᠥᠩᠭᠡᠷᠡᠬᠦ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠣᠭᠤᠮᠲᠠ ᠪᠠᠷ ᠥᠩᠭᠡᠷᠡᠬᠦ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠭᠠᠳᠠᠭᠠᠳᠤ ᠳᠤ ᠬᠤᠯᠪᠣᠭᠳᠠᠬᠤ ᠲᠡᠭᠡᠭᠡᠪᠦᠷᠢ ᠶᠢᠨ ᠲᠡᠷᠭᠡ ᠬᠥᠰᠬᠡ ᠶᠢ ᠴᠡᠭᠴᠡᠯᠡᠨ ᠵᠢᠷᠤᠮᠵᠢᠭᠤᠯᠤᠨ᠎ᠠ︔ ᠪᠣᠭᠤᠮᠲᠠ ᠪᠠᠷ ᠥᠩᠭᠡᠷᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠪᠣᠭᠤᠮᠲᠠ ᠶᠢᠨ ᠰᠦᠢᠳᠬᠡᠯ ᠬᠤᠷᠢᠶᠠᠬᠤ ᠲᠥᠷᠥᠯ ᠵᠦᠢᠯ ᠢ ᠢᠯᠭᠠᠷᠠᠭᠤᠯᠵᠤ᠂ ᠠᠵᠤ ᠠᠬᠤᠶᠢᠯᠠᠯ ᠤᠨ ᠪᠣᠭᠤᠮᠲᠠ ᠪᠠᠷ ᠥᠩᠭᠡᠷᠡᠬᠦ ᠥᠪᠡᠷ ᠤᠨ ᠥᠷᠲᠡᠭ ᠢ ᠪᠠᠭᠤᠷᠠᠭᠤᠯᠤᠨ᠂ ᠠᠵᠤ ᠠᠬᠤᠶᠢᠯᠠᠯ ᠳᠤ ᠪᠣᠭᠤᠮᠲᠠ ᠪᠠᠷ ᠥᠩᠭᠡᠷᠡᠬᠦ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ᠂ ᠪᠣᠭᠤᠮᠲᠠ ᠶᠢᠨ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ︔ ᠲᠡᠮᠦᠷ ᠵᠠᠮ ᠤᠨ ᠲᠡᠷᠭᠡᠨ ᠥᠷᠲᠡᠭᠡ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠶᠢ ᠱᠠᠩᠨᠠᠬᠤ ᠲᠣᠭᠲᠠᠴᠠ ᠶᠢ ᠪᠠᠶᠢᠭᠤᠯᠵᠤ᠂ ᠠᠵᠢᠯᠲᠠᠨ ᠤ ᠢᠳᠡᠪᠬᠢᠵᠢᠯ ᠢ ᠬᠥᠭᠵᠢᠭᠡᠨ᠂ ᠠᠵᠢᠯᠯᠠᠬᠤ ᠬᠡᠮᠵᠢᠶ᠎ᠡ ᠶᠢᠨ ᠨᠡᠮᠡᠭᠳᠡᠯ ᠢ ᠠᠬᠢᠭᠤᠯᠵᠤ᠂ ᠲᠡᠮᠦᠷ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠦᠨ᠂ ᠬᠢᠯᠢ ᠶᠢᠨ ᠠᠷᠠᠯᠵᠢᠶ᠎ᠠ ᠶᠢᠨ ᠳᠡᠭᠡᠳᠦ ᠬᠤᠷᠳᠤᠴᠠ ᠪᠠᠷ ᠬᠥᠭᠵᠢᠬᠦ   ᠶᠢ ᠠᠬᠢᠭᠤᠯᠣᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号