ᠡᠨᠡ ᠵᠢᠯ ᠤᠨ ᠲᠦᠷᠦᠭᠦᠤ ᠬᠤᠶᠠᠷ ᠰᠠᠷ᠎ᠠ ᠳᠤ ᠡᠷᠢᠶᠡᠨ ᠬᠤᠲᠠ ᠶᠢᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 181.7% ᠨᠡᠮᠡᠭᠳᠡᠪᠡ
ᠨᠡᠶᠢᠲᠡᠯᠡᠭᠰᠡᠨ ᠴᠠᠭ᠄
2023/3/10
  ᠡᠨᠡ ᠵᠢᠯ ᠤᠨ ᠲᠦᠷᠦᠭᠦᠤ ᠬᠤᠶᠠᠷ ᠰᠠᠷ᠎ᠠ ᠳᠤ᠂ ᠡᠷᠢᠶᠡᠨ ᠬᠤᠲᠠ ᠶᠢᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠥᠷᠲᠡᠭ 54.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 181.7% ᠪᠠᠷ ᠨᠡᠮᠡᠭᠳᠡᠪᠡ︔ ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠬᠡᠮᠵᠢᠶ᠎ᠡ 36.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 222.4% ᠪᠠᠷ ᠨᠡᠮᠡᠭᠳᠡᠨ᠂ ᠭᠠᠳᠠᠭᠠᠳᠤ ᠭᠠᠷᠭᠠᠯᠲᠠ 18.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 124.7% ᠪᠠᠷ ᠨᠡᠮᠡᠭᠳᠡᠪᠡ᠃    ᠬᠢᠵᠢᠭ ᠤᠨ ᠪᠠᠶᠢᠳᠠᠯ ᠤᠨ ᠨᠥᠯᠥᠭᠡ ᠶᠢ ᠳᠠᠭᠠᠯᠳᠤᠨ᠂ ᠡᠷᠢᠶᠡᠨ ᠬᠤᠲᠠ ᠶᠢᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠬᠦ ᠴᠢᠳᠠᠪᠤᠷᠢ ᠡᠮᠬᠢ ᠵᠢᠷᠤᠮ ᠲᠠᠢ ᠪᠠᠷ ᠰᠡᠷᠭᠦᠵᠦ᠂ ᠵᠡᠰ ᠤᠨ ᠬᠦᠳᠡᠷ᠂ ᠨᠡᠭᠦᠷᠡᠰᠦ᠂ ᠴᠠᠭᠠᠰᠤᠨ ᠡᠭᠡᠳᠡᠩ᠂ ᠲᠡᠮᠦᠷ ᠤᠨ ᠠᠭᠤᠷᠬᠠᠶ ᠵᠡᠷᠭᠡ ᠶᠡᠭᠡ ᠬᠡᠮᠵᠢᠶᠡᠨ ᠤ ᠲᠠᠸᠠᠷ ᠴᠥᠮ ᠨᠡᠮᠡᠭᠳᠡᠬᠦ ᠬᠠᠨᠳᠤᠰᠢ ᠲᠠᠢ ᠪᠣᠯᠵᠣ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠡᠮᠵᠢᠶ᠎ᠡ ᠶᠡᠭᠡ ᠬᠡᠮᠵᠢᠶ᠎ᠡ ᠪᠠᠷ ᠨᠡᠮᠡᠭᠳᠡᠬᠦ ᠬᠠᠨᠳᠤᠰᠢ ᠲᠠᠢ ᠪᠣᠯᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号