ᠮᠠᠨ ᠤ ᠬᠤᠲᠠ ᠶᠢᠨ ᠡᠯ᠎ᠡ ᠪᠠᠶᠢᠭᠤᠯᠭ᠎ᠠ ᠨᠢᠭᠡᠴᠡ ᠰᠢᠷᠢᠰ ᠠᠵᠢᠯᠯᠠᠭ᠎ᠠ ᠥᠷᠨᠢᠭᠦᠯᠵᠦ ︽3 · 8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠢ ᠪᠡᠯᠭᠡᠯᠡᠬᠦ ᠬᠡᠷᠡᠭᠲᠡᠢ
ᠨᠡᠶᠢᠲᠡᠯᠡᠭᠰᠡᠨ ᠴᠠᠭ᠄
2023/3/10
    ︽3 · 8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠮᠠᠨ ᠤ ᠬᠤᠲᠠ ᠶᠢᠨ ᠡᠯ᠎ᠡ ᠨᠢᠭᠡᠴᠡ ᠶᠢᠨ ᠬᠢᠨ ᠲᠦᠷᠭᠡᠨ ᠠᠪᠤᠷᠠᠯᠳᠠ ᠶᠢᠨ ᠪᠣᠯᠪᠠᠰᠤᠷᠠᠯ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ᠂ ᠰᠣᠨᠢᠷᠬᠠᠯᠲᠤ ᠲᠣᠭᠯᠠᠭᠠᠮ᠂ ᠬᠠᠤᠯᠢᠵᠢᠯ ᠤᠨ ᠤᠬᠠᠭᠤᠯᠭ᠎ᠠ ᠵᠡᠷᠭᠡ ᠪᠠᠶᠠᠯᠢᠭ ᠰᠠᠶᠢᠬᠠᠨ ᠠᠵᠢᠯᠯᠠᠭ᠎ᠠ ᠥᠷᠨᠢᠭᠦᠯᠵᠦ ᠂ ᠥᠷᠭᠡᠨ ᠣᠯᠠᠨ ᠡᠮᠡᠭᠲᠡᠶᠢᠴᠦᠳ ᠤᠨ ᠴᠤᠭ ᠵᠢᠪᠬᠤᠭ᠎ᠠ ᠶᠢ ᠢᠯᠡᠷᠡᠭᠦᠯᠵᠦ᠂ ︽3 · 8︾ ᠤ ᠳᠡᠯᠡᠬᠡᠶ ᠶᠢᠨ ᠡᠮᠡᠭᠲᠡᠶᠢᠴᠦᠳ ᠤᠨ ᠪᠠᠶᠠᠷ ᠤᠨ ᠡᠳᠦᠷ ᠢ ᠬᠠᠮᠲᠤ ᠪᠠᠷ ᠪᠡᠯᠭᠡᠯᠡᠪᠡ᠃    3 ᠰᠠᠷ᠎ᠠ ᠶᠢᠨ 8 ᠤ ᠡᠳᠦᠷ᠂ ᠬᠦᠭᠡ ᠨᠡᠶᠢᠭᠡᠮ ᠲᠣᠭᠤᠷᠢᠭ ᠤᠨ ᠨᠠᠮ ᠤᠨ ᠠᠵᠢᠯ ᠤᠨ ᠡᠪᠯᠡᠯ ᠨᠢ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠭᠤᠯᠭ᠎ᠠ ᠶᠢᠨ ᠨᠠᠮ ᠤᠨ ᠡᠭᠦᠷ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠨᠠᠮ ᠤᠨ ᠡᠭᠦᠷ ᠲᠠᠢ ᠬᠠᠮᠲᠤᠷᠠᠨ ᠡᠮᠡᠭᠲᠡᠶᠢᠴᠦᠳ ᠤᠨ ᠪᠠᠶᠠᠷ ᠤᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃      ᠬᠦᠭᠡ ᠨᠡᠶᠢᠭᠡᠮ ᠲᠣᠭᠤᠷᠢᠭ ᠤᠨ ᠨᠠᠮ ᠤᠨ ᠠᠵᠢᠯ ᠤᠨ ᠵᠦᠪᠯᠡᠯ ᠪᠠᠰᠠ ᠡᠮᠡᠭᠲᠡᠢ ᠰᠠᠭᠤᠭᠠᠯᠢ ᠠᠷᠠᠳ ᠪᠣᠯᠤᠨ ᠬᠢᠵᠢᠭ ᠢ ᠡᠰᠡᠷᠭᠦᠴᠡᠬᠦ ᠰᠢᠯᠢᠳᠡᠭ ᠰᠠᠶᠢᠨ ᠲᠤᠷᠠᠴᠤᠳ ᠢ ᠵᠣᠬᠢᠶᠠᠨ ᠪᠠᠶᠢᠭᠤᠯᠵᠤ᠂ ᠲᠡᠮᠦᠷ ᠵᠠᠮ ᠤᠨ ᠲᠡᠷᠭᠡᠨ ᠦᠷᠳᠡᠭᠡ ᠶᠢᠨ ᠲᠡᠦᠬᠡ ᠶᠢᠨ ᠣᠷᠳᠣᠨ ᠪᠣᠯᠤᠨ ᠤᠯᠤᠰ ᠤᠨ ᠡᠭᠦᠳᠡᠨ ᠤ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠢ ᠲᠣᠭᠤᠷᠢᠨ ᠦᠵᠡᠵᠦ᠂ ᠤᠯᠠᠨ ᠢ ᠮᠠᠷᠲᠠᠭᠳᠠᠰᠢ ᠦᠭᠡᠢ ᠪᠠᠶᠠᠷ ᠤᠨ ᠡᠳᠦᠷ ᠢ ᠥᠩᠭᠡᠷᠡᠭᠦᠯᠵᠡᠢ᠃    ᠲᠤᠬᠠᠶ ᠶᠢᠨ ᠡᠳᠦᠷ᠂ ᠬᠤᠲᠠ ᠶᠢᠨ ᠵᠡᠬᠦᠨ ᠬᠤᠳᠠ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠪᠣᠯᠤᠨ ᠬᠤᠲᠠ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ︽3 · 8︾ ᠤ ᠳᠡᠯᠡᠬᠡᠶ ᠶᠢᠨ ᠡᠮᠡᠭᠲᠡᠶᠢᠴᠦᠳ ᠤᠨ ᠪᠠᠶᠠᠷ ᠤᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃    ᠲᠤᠰ ᠤᠳᠠᠭ᠎ᠠ ᠶᠢᠨ ᠠᠵᠢᠯᠯᠠᠭ᠎ᠠ ᠳᠤ ᠪᠠᠰᠠ ᠰᠢᠯᠢᠳᠡᠭ ᠬᠠᠤᠯᠢᠴᠢ ᠶᠢ ᠣᠨᠴᠠᠭᠠᠶᠢᠯᠠᠨ ᠤᠷᠢᠵᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠲᠠᠶᠢᠯᠤᠮᠵᠢ ᠬᠢᠯᠭᠡᠵᠦ᠂ ᠰᠠᠭᠤᠭᠠᠯᠢ ᠠᠷᠠᠳ ᠲᠤ ᠦᠢᠯᠡᠳᠪᠦᠷᠢᠯᠡᠯ ᠠᠮᠢᠳᠤᠷᠠᠯ ᠤᠨ ᠳᠤᠮᠳᠠ ᠪᠠᠶᠢᠩᠭᠤ ᠲᠣᠬᠢᠶᠠᠯᠳᠤᠬᠤ ᠢᠷᠭᠡᠨ ᠤ ᠬᠠᠤᠯᠢ ᠶᠢᠨ ᠪᠢᠴᠢᠭ ᠤᠨ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠠᠰᠠᠭᠤᠳᠠᠯ ᠢ ᠲᠠᠶᠢᠯᠪᠤᠷᠢᠯᠠᠨ ᠥᠭᠴᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号