| | ᠡᠨᠡ ᠵᠢᠯ ᠤᠨ ᠲᠦᠷᠦᠭᠦᠤ ᠬᠤᠶᠠᠷ ᠰᠠᠷ᠎ᠠ ᠳᠤ᠂ ᠡᠷᠢᠶᠡᠨ ᠬᠤᠲᠠ ᠶᠢᠨ ᠪᠣᠭᠤᠮᠲᠠ ᠶᠢᠨ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠥᠷᠲᠡᠭ 54.4 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 181.7% ᠪᠠᠷ ᠨᠡᠮᠡᠭᠳᠡᠪᠡ︔ ᠡᠭᠦᠨ ᠳᠤ ᠭᠠᠳᠠᠭᠠᠳᠤ ᠠᠴᠠ ᠣᠷᠣᠭᠤᠯᠤᠭᠰᠠᠨ | ᠬᠡᠮᠵᠢᠶ᠎ᠡ 36.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 222.4% ᠪᠠᠷ | ᠨᠡᠮᠡᠭᠳᠡᠨ᠂ ᠭᠠᠳᠠᠭᠠᠳᠤ ᠭᠠᠷᠭᠠᠯᠲᠠ 18.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 124.7% ᠪᠠᠷ ᠨᠡᠮᠡᠭᠳᠡᠪᠡ᠃ | ᠬᠢᠵᠢᠭ ᠤᠨ ᠪᠠᠶᠢᠳᠠᠯ ᠤᠨ ᠨᠥᠯᠥᠭᠡ ᠶᠢ ᠳᠠᠭᠠᠯᠳᠤᠨ᠂ ᠡᠷᠢᠶᠡᠨ ᠬᠤᠲᠠ ᠶᠢᠨ ᠪᠣᠭᠤᠮᠲᠠ ᠶᠢᠨ ᠪᠠᠷᠠᠭᠠᠨ ᠤ | ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠬᠦ ᠴᠢᠳᠠᠪᠤᠷᠢ ᠡᠮᠬᠢ ᠵᠢᠷᠤᠮ ᠲᠠᠢ ᠪᠠᠷ ᠰᠡᠷᠭᠦᠵᠦ᠂ ᠵᠡᠰ ᠤᠨ ᠬᠦᠳᠡᠷ᠂ | ᠨᠡᠭᠦᠷᠡᠰᠦ᠂ ᠴᠠᠭᠠᠰᠤᠨ ᠡᠭᠡᠳᠡᠩ᠂ ᠲᠡᠮᠦᠷ ᠤᠨ ᠠᠭᠤᠷᠬᠠᠶ ᠵᠡᠷᠭᠡ ᠶᠡᠭᠡ ᠬᠡᠮᠵᠢᠶᠡᠨ ᠤ ᠲᠠᠸᠠᠷ ᠴᠥᠮ ᠨᠡᠮᠡᠭᠳᠡᠬᠦ | ᠬᠠᠨᠳᠤᠰᠢ ᠲᠠᠢ ᠪᠣᠯᠵᠣ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠡᠮᠵᠢᠶ᠎ᠡ ᠶᠡᠭᠡ | ᠬᠡᠮᠵᠢᠶ᠎ᠡ ᠪᠠᠷ ᠨᠡᠮᠡᠭᠳᠡᠬᠦ ᠬᠠᠨᠳᠤᠰᠢ ᠲᠠᠢ ᠪᠣᠯᠪᠠ᠃ |