ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠠᠮᠤᠷ ᠲᠦᠪᠰᠢᠨ ᠤ ᠪᠠᠶᠢᠴᠠᠭᠠᠯᠲᠠ ᠪᠠ ᠴᠠᠭᠳᠠᠭᠠᠨ ᠤ ᠶᠠᠪᠤᠳᠠᠯ ᠤᠨ ᠱᠠᠭᠠᠷᠳᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2023/3/13
      3 ᠰᠠᠷ᠎ᠠ ᠶᠢᠨ 10 ᠤ ᠡᠳᠦᠷ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶᠠᠨ ᠤ ᠪᠠᠶᠢᠴᠠᠭᠠᠬᠤ ᠳᠤᠭᠤᠶᠢᠯᠠᠩ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠶᠡᠭᠡ ᠠᠩᠭᠢ᠂ ᠬᠤᠲᠠ ᠲᠣᠭᠤᠷᠢᠭ ᠤᠨ ᠬᠠᠤᠯᠢ ᠴᠠᠭᠠᠵᠠ ᠶᠢᠨ ᠭᠠᠵᠠᠷ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠵᠡᠷᠭᠡ ᠭᠠᠵᠠᠷ ᠲᠤ ᠭᠦᠨᠵᠡᠭᠡᠶᠢᠷᠡᠨ ᠠᠮᠤᠷ ᠲᠦᠪᠰᠢᠨ ᠤ ᠪᠠᠶᠢᠴᠠᠭᠠᠯᠲᠠ ᠪᠠ ᠴᠠᠭᠳᠠᠭᠠᠨ ᠤ ᠶᠠᠪᠤᠳᠠᠯ ᠤᠨ ᠱᠠᠯᠠᠪᠳᠠᠭᠤᠯᠤᠨ ᠪᠠᠶᠢᠴᠠᠭᠠᠯᠲᠠ ᠥᠷᠨᠢᠭᠦᠯᠪᠡ᠃    ᠪᠠᠶᠢᠴᠠᠭᠠᠬᠤ ᠳᠤᠭᠤᠶᠢᠯᠠᠩ ᠭᠤᠤᠯᠳᠠᠯᠭ᠎ᠠ ᠲᠠᠢ ᠬᠥᠮᠦᠰ ᠤᠨ ᠬᠠᠮᠢᠶᠠᠷᠤᠯᠲᠠ ᠡᠵᠡᠮᠳᠡᠯ ᠢ ᠪᠣᠳᠠᠲᠠᠶᠢᠵᠢᠭᠤᠯᠤᠭᠰᠠᠨ ᠡᠰᠡᠬᠦ᠂ ᠡᠯ᠎ᠡ ᠠᠵᠢᠯᠯᠠᠬᠤ ᠲᠠᠯᠠᠪᠤᠷ ᠭᠠᠵᠠᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠪᠠᠶᠢᠭᠤᠯᠵᠤ ᠪᠦᠷᠢᠨᠰᠢᠭᠦᠯᠦᠭᠰᠡᠨ ᠡᠰᠡᠬᠦ ᠵᠡᠷᠭᠡ ᠪᠠᠶᠢᠳᠠᠯ ᠳᠤ ᠪᠠᠶᠢᠴᠠᠭᠠᠯᠲᠠ ᠬᠢᠵᠦ᠂ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ᠂ ᠲᠤᠬᠠᠶ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠪᠠ᠃     ᠪᠠᠶᠢᠴᠠᠭᠠᠬᠤ ᠳᠤᠭᠤᠶᠢᠯᠠᠩ ᠠᠴᠠ᠂ ᠡᠯ᠎ᠡ ᠰᠠᠯᠠᠭ᠎ᠠ ᠮᠥᠴᠢᠷ ︽ᠴᠠᠭ ᠢᠮᠠᠭᠲᠠ ᠰᠠᠨᠠᠭ᠎ᠠ ᠠᠮᠤᠷ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠮᠤᠷ ᠲᠦᠪᠰᠢᠨ ᠳᠤ ᠪᠠᠭ᠎ᠠ ᠶᠠᠪᠤᠳᠠᠯ ᠭᠡᠵᠦ ᠦᠭᠡᠢ ᠭᠡᠬᠦ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠡᠳᠦᠷ ᠳᠤᠳᠤᠮ ᠤᠨ ᠠᠮᠤᠷ ᠲᠦᠪᠰᠢᠨ ᠤ ᠬᠠᠮᠢᠶᠠᠷᠤᠯᠲᠠ ᠪᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠪᠠᠨ ᠪᠠᠲᠤᠳᠬᠠᠵᠤ᠂ ᠨᠡᠶᠢᠭᠡᠮ ᠲᠣᠭᠤᠷᠢᠭ ᠤᠨ ᠵᠠᠰᠠᠷᠠᠯ᠂ ᠠᠮᠤᠷ ᠲᠦᠪᠰᠢᠨ ᠲᠣᠭᠲᠠᠭᠤᠨ ᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠠᠮᠢᠶᠠᠷᠤᠯᠲᠠ ᠠᠴᠠ ᠮᠤᠯᠲᠤᠷᠠᠵᠤ ᠬᠠᠮᠢᠶᠠᠷᠤᠯᠲᠠ ᠠᠴᠠ ᠭᠤᠭᠤᠵᠢᠭᠳᠠᠬᠤ ᠠᠰᠠᠭᠤᠳᠠᠯ ᠡᠭᠦᠰᠬᠦ ᠶᠢ ᠰᠡᠷᠭᠡᠶᠢᠯᠡᠵᠦ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠯ᠎ᠡ ᠵᠦᠢᠯ ᠤᠨ ᠠᠵᠢᠯ ᠢ ᠨᠡᠩ ᠰᠠᠶᠢᠲᠤᠷ ᠥᠷᠨᠢᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号