ᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠮᠣᠩᠭᠤᠯ ᠤᠯᠤᠰ ᠤᠨ ᠵᠠᠮ ᠤᠨ ᠡᠭᠦᠳᠡ ᠶᠢᠨ ᠡᠮᠡᠭᠲᠡᠶᠢᠴᠦᠳ ᠤᠨ ᠬᠤᠯᠪᠤᠭ᠎ᠠ ᠲᠠᠢ ᠬᠡᠯᠡᠯᠴᠡᠭᠡᠷ ᠬᠢᠪᠡ
ᠨᠡᠶᠢᠲᠡᠯᠡᠭᠰᠡᠨ ᠴᠠᠭ᠄
2023/3/13
         3 ᠰᠠᠷ᠎ᠠ ᠶᠢᠨ 9 ᠤ ᠡᠳᠦᠷ᠂ ᠮᠣᠩᠭᠤᠯ ᠤᠯᠤᠰ ᠤᠨ ᠳᠣᠷᠣᠨᠠᠭᠤᠪᠢ ᠠᠶᠢᠮᠠᠭ ᠤᠨ ᠵᠠᠮ ᠤᠨ ᠡᠭᠦᠳᠡ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ ᠰᠠᠷᠠᠭᠤᠯᠬᠠᠨ ᠳᠣᠭᠤᠶᠢᠯᠠᠩ ᠲᠠᠢ ᠪᠠᠨ ᠬᠠᠮᠳᠦ ᠮᠠᠨ ᠤ ᠬᠤᠲᠠ ᠳᠤ ᠢᠷᠡᠵᠦ᠂ ᠬᠤᠶᠠᠷ ᠭᠠᠵᠠᠷ ᠤᠨ ᠡᠮᠡᠭᠲᠡᠶᠢᠴᠦᠳ ᠤᠨ ᠵᠣᠬᠢᠶᠠᠨ ᠪᠠᠶᠢᠭᠤᠯᠤᠯᠲᠠ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠮᠡᠭᠲᠡᠶᠢᠴᠦᠳ ᠤᠨ ᠦᠢᠯᠡᠰ ᠤᠨ ᠬᠠᠮᠲᠤ ᠶᠢᠨ ᠬᠥᠭᠵᠢᠯᠲᠡ ᠶᠢ ᠳᠥᠯᠭᠢᠨ ᠠᠬᠢᠭᠤᠯᠬᠤ ᠲᠤᠬᠠᠶ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠯᠤᠭ᠎ᠠ ᠬᠡᠯᠡᠯᠴᠡᠭᠡ ᠬᠢᠪᠠ᠃      ᠬᠤᠶᠠᠷ ᠲᠠᠯ᠎ᠠ ᠪᠠᠷ ᠢᠶᠠᠨ᠂ ᠦᠷᠭᠦᠯᠵᠢᠯᠡᠨ ᠪᠣᠭᠤᠮᠲᠠ ᠶᠢᠨ ᠳᠠᠪᠠᠭᠤᠯᠢᠭ ᠲᠤ ᠲᠦᠰᠢᠭᠯᠡᠵᠦ᠂ ᠡᠮᠡᠭᠲᠡᠶᠢᠴᠦᠳ ᠤᠨ ᠬᠤᠯᠪᠣᠭ᠎ᠠ ᠶᠢᠨ ᠦᠢᠯᠡᠳᠦᠯ ᠢ ᠪᠠᠳᠠᠷᠠᠭᠤᠯᠵᠤ᠂ ᠬᠤᠶᠠᠷ ᠭᠠᠵᠠᠷ ᠤᠨ ᠡᠮᠡᠭᠲᠡᠶᠢᠴᠦᠳ ᠤᠨ ᠠᠵᠢᠯ ᠣᠯᠵᠤ ᠦᠢᠯᠡᠰ ᠪᠤᠰᠬᠠᠬᠤ ᠳᠤ ᠰᠢᠨ᠎ᠡ ᠴᠢᠭᠯᠡᠯ᠂ ᠰᠢᠨ᠎ᠡ ᠵᠠᠮ ᠢ ᠡᠷᠢᠯᠬᠢᠯᠡᠵᠦ᠂ ᠲᠤᠬᠠᠢ ᠶᠢᠨ ᠭᠠᠵᠠᠷ ᠤᠨ ᠡᠮᠡᠭᠲᠡᠶᠢᠴᠦᠳ ᠤᠨ ᠠᠵᠢᠯ ᠣᠯᠵᠤ ᠦᠢᠯᠡᠰ ᠪᠤᠰᠬᠠᠬᠤ᠂ ᠣᠷᠣᠯᠭ᠎ᠠ ᠪᠠᠨ ᠨᠡᠮᠡᠭᠳᠡᠭᠦᠯᠬᠦ ᠪᠠ ᠬᠥᠭᠵᠢᠬᠦ ᠶᠢ ᠬᠠᠮᠲᠤᠪᠠᠷ ᠠᠬᠢᠭᠤᠯᠤᠨ᠎ᠠ ᠭᠡᠵᠦ ᠰᠠᠨᠠᠯ ᠨᠢᠭᠡᠲᠡᠢ ᠢᠯᠡᠳᠬᠡᠪᠡ᠃     ᠬᠤᠷᠠᠯ ᠳᠡᠭᠡᠷ᠎ᠡ᠂ ᠬᠤᠶᠠᠷ ᠭᠠᠵᠠᠷ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠬᠠᠷᠢᠭᠤᠴᠠᠯᠭᠠᠲᠠᠨ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠡᠮᠡᠭᠲᠡᠶᠢᠴᠦᠳ ᠤᠨ ᠵᠣᠬᠢᠶᠠᠨ ᠪᠠᠶᠢᠭᠤᠯᠤᠯᠲᠠ ᠶᠢᠨ ᠰᠣᠯᠢᠯᠴᠠᠭᠠᠨ ᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠯᠳᠦᠭᠦᠯᠪᠡ᠃      ᠬᠡᠯᠡᠯᠴᠡᠭᠡ ᠳᠠᠭᠤᠰᠤᠭᠰᠠᠨ ᠤ ᠳᠠᠷᠠᠭ᠎ᠠ᠂ ᠵᠠᠮ ᠤᠨ ᠡᠭᠦᠳᠡ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠮᠠᠨ ᠤ ᠬᠤᠲᠠ ᠶᠢᠨ ᠡᠮᠡᠭᠲᠡᠶᠢᠴᠦᠳ ᠤᠨ ᠦᠢᠯᠡᠰ ᠪᠣᠰᠬᠠᠵᠤ ᠠᠵᠢᠯ ᠣᠯᠭᠤᠬᠤ ᠨᠡᠪᠴᠢᠭᠦᠯᠭᠡ ᠶᠢᠨ ᠰᠠᠭᠤᠷᠢᠨ ᠭᠠᠵᠠᠷ ᠢ ᠲᠣᠭᠤᠷᠢᠨ ᠦᠵᠡᠵᠦ ᠰᠢᠨᠵᠢᠯᠡᠨ ᠪᠠᠶᠢᠴᠠᠭᠠᠵᠤ᠂ ︽ᠢᠨᠲ᠋ᠧᠷ ᠰᠦᠯᠵᠢᠶ᠎ᠡ +  ᠡᠯᠧᠺᠲ᠋ᠣᠷᠣᠨ ᠬᠤᠳᠠᠯᠳᠤᠭ᠎ᠠ︾ ᠬᠢᠭᠡᠳ ︽ᠢᠨᠲ᠋ᠧᠷ ᠰᠦᠯᠵᠢᠶ᠎ᠡ + ᠠᠵᠤ ᠦᠢᠯᠡᠰ︾ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠷᠢᠨ ᠣᠶᠢᠯᠠᠭᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号