| 3 ᠰᠠᠷ᠎ᠠ ᠶᠢᠨ 9 ᠤ ᠡᠳᠦᠷ᠂ ᠮᠣᠩᠭᠤᠯ ᠤᠯᠤᠰ ᠤᠨ ᠳᠣᠷᠣᠨᠠᠭᠤᠪᠢ ᠠᠶᠢᠮᠠᠭ ᠤᠨ ᠵᠠᠮ ᠤᠨ ᠡᠭᠦᠳᠡ ᠶᠢᠨ | ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ ᠰᠠᠷᠠᠭᠤᠯᠬᠠᠨ ᠳᠣᠭᠤᠶᠢᠯᠠᠩ ᠲᠠᠢ ᠪᠠᠨ ᠬᠠᠮᠳᠦ ᠮᠠᠨ ᠤ | ᠬᠤᠲᠠ ᠳᠤ ᠢᠷᠡᠵᠦ᠂ ᠬᠤᠶᠠᠷ ᠭᠠᠵᠠᠷ ᠤᠨ ᠡᠮᠡᠭᠲᠡᠶᠢᠴᠦᠳ ᠤᠨ ᠵᠣᠬᠢᠶᠠᠨ ᠪᠠᠶᠢᠭᠤᠯᠤᠯᠲᠠ ᠶᠢᠨ ᠰᠣᠯᠢᠯᠴᠠᠭ᠎ᠠ ᠪᠠ | ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠮᠡᠭᠲᠡᠶᠢᠴᠦᠳ ᠤᠨ ᠦᠢᠯᠡᠰ ᠤᠨ ᠬᠠᠮᠲᠤ ᠶᠢᠨ | ᠬᠥᠭᠵᠢᠯᠲᠡ ᠶᠢ ᠳᠥᠯᠭᠢᠨ ᠠᠬᠢᠭᠤᠯᠬᠤ ᠲᠤᠬᠠᠶ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠯᠤᠭ᠎ᠠ | ᠬᠡᠯᠡᠯᠴᠡᠭᠡ ᠬᠢᠪᠠ᠃ | ᠬᠤᠶᠠᠷ ᠲᠠᠯ᠎ᠠ ᠪᠠᠷ ᠢᠶᠠᠨ᠂ ᠦᠷᠭᠦᠯᠵᠢᠯᠡᠨ ᠪᠣᠭᠤᠮᠲᠠ ᠶᠢᠨ ᠳᠠᠪᠠᠭᠤᠯᠢᠭ ᠲᠤ ᠲᠦᠰᠢᠭᠯᠡᠵᠦ᠂ | ᠡᠮᠡᠭᠲᠡᠶᠢᠴᠦᠳ ᠤᠨ ᠬᠤᠯᠪᠣᠭ᠎ᠠ ᠶᠢᠨ ᠦᠢᠯᠡᠳᠦᠯ ᠢ ᠪᠠᠳᠠᠷᠠᠭᠤᠯᠵᠤ᠂ ᠬᠤᠶᠠᠷ ᠭᠠᠵᠠᠷ ᠤᠨ ᠡᠮᠡᠭᠲᠡᠶᠢᠴᠦᠳ ᠤᠨ ᠠᠵᠢᠯ | ᠣᠯᠵᠤ ᠦᠢᠯᠡᠰ ᠪᠤᠰᠬᠠᠬᠤ ᠳᠤ ᠰᠢᠨ᠎ᠡ ᠴᠢᠭᠯᠡᠯ᠂ ᠰᠢᠨ᠎ᠡ ᠵᠠᠮ ᠢ ᠡᠷᠢᠯᠬᠢᠯᠡᠵᠦ᠂ ᠲᠤᠬᠠᠢ ᠶᠢᠨ ᠭᠠᠵᠠᠷ ᠤᠨ | ᠡᠮᠡᠭᠲᠡᠶᠢᠴᠦᠳ ᠤᠨ ᠠᠵᠢᠯ ᠣᠯᠵᠤ ᠦᠢᠯᠡᠰ ᠪᠤᠰᠬᠠᠬᠤ᠂ ᠣᠷᠣᠯᠭ᠎ᠠ ᠪᠠᠨ ᠨᠡᠮᠡᠭᠳᠡᠭᠦᠯᠬᠦ ᠪᠠ ᠬᠥᠭᠵᠢᠬᠦ ᠶᠢ ᠬᠠᠮᠲᠤᠪᠠᠷ | ᠠᠬᠢᠭᠤᠯᠤᠨ᠎ᠠ ᠭᠡᠵᠦ ᠰᠠᠨᠠᠯ ᠨᠢᠭᠡᠲᠡᠢ ᠢᠯᠡᠳᠬᠡᠪᠡ᠃ | ᠬᠤᠷᠠᠯ ᠳᠡᠭᠡᠷ᠎ᠡ᠂ ᠬᠤᠶᠠᠷ ᠭᠠᠵᠠᠷ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠬᠠᠷᠢᠭᠤᠴᠠᠯᠭᠠᠲᠠᠨ | ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠰᠣᠯᠢᠯᠴᠠᠭ᠎ᠠ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠡᠮᠡᠭᠲᠡᠶᠢᠴᠦᠳ ᠤᠨ ᠵᠣᠬᠢᠶᠠᠨ ᠪᠠᠶᠢᠭᠤᠯᠤᠯᠲᠠ ᠶᠢᠨ ᠰᠣᠯᠢᠯᠴᠠᠭᠠᠨ ᠤ ᠤᠷᠳᠤ ᠬᠤᠭᠤᠴᠠᠭᠠᠨ ᠤ | ᠪᠦᠲᠦᠮᠵᠢᠲᠡᠢ ᠲᠣᠭᠲᠠᠴᠠ ᠶᠢ ᠪᠦᠷᠢᠯᠳᠦᠭᠦᠯᠪᠡ᠃ | ᠬᠡᠯᠡᠯᠴᠡᠭᠡ ᠳᠠᠭᠤᠰᠤᠭᠰᠠᠨ ᠤ ᠳᠠᠷᠠᠭ᠎ᠠ᠂ ᠵᠠᠮ ᠤᠨ ᠡᠭᠦᠳᠡ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ | ᠮᠠᠨ ᠤ ᠬᠤᠲᠠ ᠶᠢᠨ ᠡᠮᠡᠭᠲᠡᠶᠢᠴᠦᠳ ᠤᠨ ᠦᠢᠯᠡᠰ ᠪᠣᠰᠬᠠᠵᠤ ᠠᠵᠢᠯ ᠣᠯᠭᠤᠬᠤ ᠨᠡᠪᠴᠢᠭᠦᠯᠭᠡ ᠶᠢᠨ ᠰᠠᠭᠤᠷᠢᠨ | ᠭᠠᠵᠠᠷ ᠢ ᠲᠣᠭᠤᠷᠢᠨ ᠦᠵᠡᠵᠦ ᠰᠢᠨᠵᠢᠯᠡᠨ ᠪᠠᠶᠢᠴᠠᠭᠠᠵᠤ᠂ ︽ᠢᠨᠲ᠋ᠧᠷ ᠰᠦᠯᠵᠢᠶ᠎ᠡ + ᠡᠯᠧᠺᠲ᠋ᠣᠷᠣᠨ | ᠬᠤᠳᠠᠯᠳᠤᠭ᠎ᠠ︾ ᠬᠢᠭᠡᠳ ︽ᠢᠨᠲ᠋ᠧᠷ ᠰᠦᠯᠵᠢᠶ᠎ᠡ + ᠠᠵᠤ ᠦᠢᠯᠡᠰ︾ ᠤᠨ ᠬᠥᠭᠵᠢᠯᠲᠡ ᠶᠢᠨ | ᠲᠥᠯᠥᠪᠵᠢᠭᠦᠯᠭᠡ ᠶᠢ ᠨᠠᠷᠢᠨ ᠣᠶᠢᠯᠠᠭᠠᠪᠠ᠃ |