ᠪᠥᠬᠦ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2023/3/14
【 ᠠᠮᠤᠷ ᠲᠦᠪᠱᠢᠨ ᠤ ᠬᠠᠷᠢᠭᠤᠴᠠᠯᠭ᠎ᠠ ᠶᠢ ᠨᠠᠢᠳᠠᠪᠤᠷᠢᠵᠢᠭᠤᠯᠵᠤ ᠠᠮᠤᠷ ᠲᠦᠪᠱᠢᠨ ᠬᠥᠭᠵᠢᠯᠲᠡ ᠶᠢ ᠠᠬᠢᠭᠤᠯᠤᠶ᠎ᠠ       ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠤᠬᠠᠶ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠢᠰᠲ᠋ᠧᠮ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠳᠣᠯᠠᠳᠠ᠂ ᠣᠶᠢᠷ᠎ᠠ ᠳᠤ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠤᠨ ᠥᠷᠨᠢᠭᠦᠯᠪᠡ᠃
     ᠪᠣᠯᠪᠠᠰᠤᠷᠠᠯ ᠨᠢ ᠠᠶᠤᠯᠭᠦᠢ ᠦᠢᠯᠡᠳᠪᠦᠷᠢᠯᠡᠯ ᠤᠨ ᠠᠳᠡᠯ ᠤᠨ ᠬᠡᠷᠡᠭ ᠤᠨ ᠵᠢᠱᠢᠶ᠎ᠡ᠂ ᠪᠠᠷᠢᠯᠭ᠎ᠠ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠪᠠᠷ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ᠂ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠠᠭᠤᠯᠭ᠎ᠠ ᠶᠢᠨ ᠲᠤᠬᠠᠢ ᠨᠠᠷᠢᠨ ᠲᠠᠶᠢᠯᠤᠮᠵᠢ ᠬᠢᠵᠡᠢ᠃       ᠪᠣᠯᠪᠠᠰᠤᠷᠠᠯ ᠳᠤ ᠣᠷᠣᠯᠴᠠᠭᠰᠠᠳ ᠢᠯᠡᠷᠬᠡᠶᠢᠯᠡᠭᠰᠡᠨ ᠨᠢ᠂ ᠪᠣᠯᠪᠠᠰᠤᠷᠠᠯ ᠤᠨ ᠠᠭᠤᠯᠭ᠎ᠠ ᠨᠢ ᠨᠠᠷᠢᠨ ᠪᠣᠳᠠᠲᠠᠶ᠂ ᠣᠶᠢᠯᠠᠭᠠᠬᠤ ᠳᠤ ᠬᠢᠯᠪᠠᠷ ᠪᠣᠯᠪᠠᠰᠤᠷᠠᠯ ᠪᠣᠯᠤᠨ᠎ᠠ᠃      ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠵᠢᠯ ᠡᠷᠭᠢᠯᠡᠭᠰᠡᠳ ᠤᠨ ᠠᠶᠤᠯᠭᠦᠶ ᠦᠢᠯᠡᠳᠪᠦᠷᠢᠯᠡᠯ ᠤᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠲᠤᠬᠠᠶᠢᠯᠠᠭᠰᠠᠨ ᠠᠵᠢᠯ ᠢᠶᠠᠨ ᠴᠢᠩᠭᠠᠳᠬᠠᠬᠤ᠂ ᠳᠡᠭᠡᠭᠰᠢᠯᠡᠭᠦᠯᠬᠦ ᠶᠢ ᠠᠬᠢᠭᠤᠯᠬᠤ ᠦᠷ᠎ᠡ ᠪᠦᠲᠦᠮᠵᠢ ᠳᠤ ᠬᠦᠷᠴᠦ᠂ ᠪᠥᠬᠦ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠳᠤ ᠰᠠᠭᠤᠷᠢ ᠲᠠᠯᠪᠢᠵᠤ ᠥᠭᠴᠡᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号