ᠮᠠᠨ ᠤ ᠬᠤᠲᠠ ᠭᠤᠷᠪᠠᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯ ᠰᠤᠭᠤᠯᠤᠭ᠎ᠠ︾ ᠶᠢᠨ ᠮᠢᠭᠮᠡᠨ ᠰᠢᠲᠠᠷ᠎ᠠ ᠪᠠ  ᠬᠢᠳᠠᠳ ᠰᠢᠲᠠᠷ᠎ᠠ ᠶᠢᠨ ᠤᠷᠤᠯᠳᠤᠭᠠᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2023/3/14
     3 ᠰᠠᠷ᠎ᠠ ᠶᠢᠨ 11 ᠤ ᠡᠳᠦᠷ᠂ ᠮᠠᠨ ᠤ ᠬᠤᠲᠠ ᠶᠢᠨ ᠭᠤᠷᠪᠠᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ︾ ᠮᠢᠭᠮᠡᠨ ᠰᠢᠲᠠᠷ᠎ᠠ ᠪᠠ ᠳᠤᠮᠳᠠᠳᠤ ᠤᠯᠤᠰ ᠤᠨ ᠰᠢᠲᠠᠷ᠎ᠠ ᠶᠢᠨ ᠤᠷᠤᠯᠳᠤᠭᠠᠨ ᠪᠡᠶ᠎ᠡ ᠶᠢᠨ ᠲᠠᠮᠢᠷ ᠤᠨ ᠣᠷᠳᠣᠨ ᠳᠤ ᠡᠬᠢᠯᠡᠪᠡ᠃    ᠤᠷᠤᠯᠳᠤᠭᠠᠨ ᠳᠤ ᠬᠢᠯᠢ ᠶᠢᠨ ᠪᠠᠶᠢᠴᠠᠭᠠᠯᠲᠠ ᠶᠢᠨ ᠥᠷᠲᠡᠭᠡᠨ ᠤ ᠠᠷᠠᠳ ᠤᠨ ᠴᠠᠭᠳᠠᠭ᠎ᠠ ᠭᠦᠸᠧ ᠴᠢ ᠦᠵᠡᠭᠦᠯᠦᠯᠭᠡ ᠳᠤ᠄ ︽ᠡᠨᠡ ᠤᠳᠠᠭᠠᠨ ᠤ ᠤᠷᠤᠯᠳᠤᠭᠠᠨ ᠳᠤ ᠮᠠᠰᠢ ᠰᠠᠶᠢᠨ ᠦᠷ᠎ᠡ ᠪᠦᠲᠦᠮᠵᠢ ᠣᠯᠵᠤ᠂ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠴᠤ ᠮᠠᠰᠢ ᠪᠣᠳᠠᠲᠠᠶᠢᠵᠢᠭᠤᠯᠵᠤ᠂ ᠠᠵᠢᠯᠯᠠᠭ᠎ᠠ ᠶᠢᠨ ᠵᠣᠷᠢᠯᠭ᠎ᠠ ᠳᠠᠭᠠᠨ ᠬᠦᠷᠴᠡᠶ᠃ ᠮᠠᠨ ᠤ ᠡᠳᠡᠭᠡᠷ ᠤᠷᠤᠯᠳᠤᠭᠠᠨ ᠳᠤ ᠣᠷᠣᠯᠴᠠᠭᠰᠠᠳ ᠲᠤ ᠠᠪᠴᠤ ᠬᠡᠯᠡᠪᠡᠯ᠂ ᠲᠤᠷᠰᠢᠯᠭ᠎ᠠ ᠬᠤᠷᠠᠮᠳᠤᠭᠤᠯᠤᠭᠰᠠᠨ ᠮᠥᠷᠲᠡᠭᠡᠨ ᠰᠢᠲᠠᠷ᠎ᠠ ᠶᠢᠨ ᠤᠷ᠎ᠠ ᠮᠡᠷᠭᠡᠵᠢᠯ ᠢ ᠳᠡᠭᠡᠭᠰᠢᠯᠡᠭᠦᠯᠵᠡᠶ᠃    ᠲᠣᠰ ᠤᠳᠠᠭᠠᠨ ᠤ ᠤᠷᠤᠯᠳᠤᠭᠠᠨ ᠳᠤ ᠡᠷᠢᠶᠡᠨ ᠬᠤᠲᠠ᠂ ᠰᠢᠯᠤᠭᠤᠨ ᠬᠥᠪᠡᠭᠡᠲᠦ ᠴᠠᠭᠠᠨ ᠬᠤᠰᠢᠭᠤ᠂ ᠰᠥᠨᠢᠳ ᠵᠡᠭᠦᠨ ᠬᠤᠰᠢᠭᠤ᠂ ᠰᠥᠨᠢᠳ ᠪᠠᠷᠠᠭᠤᠨ ᠬᠤᠰᠢᠭᠤᠨ ᠤ ᠮᠢᠭᠮᠡᠨ ᠰᠢᠲᠠᠷ᠎ᠠ᠂ ᠳᠤᠮᠳᠠᠳᠤ ᠤᠯᠤᠰ ᠤᠨ ᠰᠢᠲᠠᠷ᠎ᠠ ᠳᠤ ᠪᠠᠭ᠋ᠠᠲᠠᠢ ᠬᠥᠮᠦᠰ ᠤᠷᠤᠯᠳᠤᠭᠠᠨ ᠳᠤ ᠣᠷᠣᠯᠴᠠᠪᠠ᠃ 46 ᠲᠠᠮᠢᠷᠴᠢᠨ ᠨᠢᠭᠡ ᠲᠠᠩᠬᠢᠮ ᠳᠤ ᠴᠤᠭᠯᠠᠷᠠᠵᠤ᠂ ᠰᠢᠲᠠᠷ᠎ᠠ ᠪᠠᠷ ᠳᠠᠮᠵᠢᠨ ᠣᠶᠤᠨ ᠤᠬᠠᠭᠠᠨ ᠢ ᠰᠡᠩᠬᠡᠷᠡᠭᠦᠯᠵᠦ᠂ ᠰᠢᠲᠠᠷ᠎ᠠ ᠪᠠᠷ ᠳᠤᠮᠳᠠᠳᠤ ᠶᠢᠨ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠪᠠ᠃    ᠡᠴᠦᠰ ᠲᠤ᠂ ᠬᠤᠶᠠᠷ ᠡᠳᠦᠷ ᠤᠨ ᠰᠢᠷᠦᠭᠦᠨ ᠥᠷᠢᠰᠥᠯᠳᠦᠭᠡᠨ ᠢᠶᠠᠷ ᠳᠠᠮᠵᠢᠭᠠᠳ᠂ ᠮᠠᠨ ᠤ ᠬᠤᠲᠠ ᠶᠢᠨ ᠸᠠᠩ ᠵᠢᠶᠠᠨ᠂ ᠯᠢ ᠳ᠋ᠧ ᠵᠢᠶᠦ᠋ᠨ ᠲᠣᠰ ᠲᠣᠰ ᠬᠢᠳᠠᠳ ᠰᠢᠲᠠᠷ᠎ᠠ᠂ ᠨᠠᠰᠤᠨ ᠳᠤ ᠬᠦᠷᠦᠭᠰᠡᠳ ᠤᠨ ᠮᠢᠭᠮᠡᠨ ᠰᠢᠲᠠᠷ᠎ᠠ ᠶᠢᠨ ᠳᠤᠭᠤᠶᠢᠯᠠᠩ ᠤᠨ ᠮᠠᠩᠯᠠᠶ ᠶᠢ ᠬᠦᠷᠲᠡᠵᠦ᠂ ᠺᠠᠩ ᠱᠦᠸᠧ᠂ ᠯᠢᠦ ᠬᠤᠤ ᠽᠧ ᠲᠣᠰ ᠲᠣᠰ ᠮᠢᠭᠮᠡᠨ ᠰᠢᠲᠠᠷ᠎ᠠ ᠶᠢᠨ ᠪᠠᠭᠠᠴᠤᠳ ᠪᠠ ᠬᠡᠰᠡᠭ ᠤᠨ ᠳᠤᠭᠤᠶᠢᠯᠠᠩ ᠤᠨ ᠮᠠᠩᠯᠠᠶ ᠪᠣᠯᠪᠠ᠃
   
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号