ᠸᠠᠩ ᠰᠠᠨ ᠱᠢ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠠᠵᠢᠯ ᠢ ᠰᠤᠳᠤᠯᠪᠠ
ᠨᠡᠶᠢᠲᠡᠯᠡᠭᠰᠡᠨ ᠴᠠᠭ᠄
2023/3/15
     3 ᠰᠠᠷ᠎ᠠ ᠶᠢᠨ 13 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠱᠦᠵᠢ ᠶᠢᠨ ᠲᠤᠰᠬᠠᠶ ᠰᠡᠳᠦᠪᠲᠦ ᠬᠤᠷᠠᠯ ᠵᠢᠴᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠠᠵᠢᠯ ᠢ ᠰᠤᠳᠤᠯᠵᠠᠢ᠃    ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠪᠣᠭᠤᠮᠲᠠ ᠶᠢᠨ ᠬᠥᠭᠵᠢᠯᠲᠡ ᠶᠢᠨ ᠶᠡᠭᠡ ᠲᠠᠯ᠎ᠠ ᠳᠤ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠣᠯᠵᠤ᠂ ᠴᠢᠭᠯᠡᠯ ᠢᠶᠠᠨ ᠲᠣᠳᠣᠷᠬᠠᠶᠢᠯᠠᠨ᠂ ᠡᠳ᠋ ᠬᠥᠷᠥᠩᠭᠡ ᠶᠢᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ᠂ ᠭᠤᠤᠯ ᠡᠵᠡᠩᠨᠡᠯᠲᠡ ᠶᠢᠨ ᠪᠤᠰᠤ ᠲᠤᠬᠠᠶᠢᠯᠠᠭᠰᠠᠨ ᠠᠵᠢᠯ ᠢᠶᠠᠨ ᠪᠤᠴᠠᠭᠠᠨ ᠭᠠᠷᠭᠠᠵᠤ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠢ ᠰᠠᠶᠢᠲᠤᠷ ᠬᠢᠵᠦ᠂ ᠤᠯᠤᠰ ᠤᠨ ᠦᠮᠴᠢᠯᠡᠯᠲᠦ ᠠᠵᠤ ᠠᠬᠤᠶ ᠶᠢ ᠪᠤᠵᠠᠭᠠᠶᠢᠷᠠᠭᠤᠯᠬᠤ ᠬᠡᠷᠡᠭᠲᠡᠶ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠳᠣᠲᠣᠭᠠᠳᠤ ᠬᠠᠮᠢᠶᠠᠷᠤᠯᠲᠠ ᠪᠠ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢ ᠴᠢᠩᠭᠠᠳᠬᠠᠵᠤ᠂ ᠴᠠᠯᠢᠩ ᠬᠥᠯᠥᠰᠥ᠂ ᠠᠵᠢᠯᠲᠠᠨ ᠤ ᠶᠠᠪᠤᠳᠠᠯ᠂ ᠡᠳ᠋ ᠤᠨ ᠶᠠᠪᠤᠳᠠᠯ᠂ ᠡᠵᠡᠩᠨᠡᠯᠲᠡ ᠵᠡᠷᠭᠡ ᠣᠳᠣ ᠦᠶ᠎ᠡ ᠶᠢᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ᠂ ᠲᠦᠭᠰᠢᠭᠦᠷᠢ ᠶᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠤᠯᠤᠰ ᠲᠦᠷᠦ ᠶᠢ ᠡᠷᠬᠢᠮᠯᠡᠬᠦ᠂ ᠡᠵᠡᠩᠨᠡᠯᠲᠡ ᠶᠢ ᠣᠶᠢᠯᠠᠭᠠᠬᠤ᠂ ᠬᠠᠮᠢᠶᠠᠷᠴᠤ ᠴᠢᠳᠠᠬᠤ ᠨᠢᠭᠡ ᠪᠦᠯᠦᠭ ᠴᠢᠳᠠᠪᠤᠷᠢᠲᠠᠨ ᠤ ᠡᠩᠨᠡᠭᠡ ᠶᠢ ᠪᠤᠶᠢᠵᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠪᠣᠯᠤᠨ ᠦᠷᠢᠰᠦᠯᠳᠦᠬᠦ ᠬᠦᠴᠦᠨ ᠢ ᠨᠡᠮᠡᠭᠳᠡᠭᠦᠯᠬᠦ ᠬᠡᠷᠡᠭᠲᠡᠢ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ᠬᠥᠮᠦᠨ ᠰᠣᠩᠭᠤᠵᠤ ᠬᠥᠮᠦᠨ ᠬᠡᠷᠡᠭᠯᠡᠬᠦ ᠪᠣᠭᠤᠮᠲᠠ ᠶᠢ ᠴᠢᠩᠭ᠎ᠠ ᠠᠳᠬᠤᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠦᠨᠡᠨᠬᠦ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠦᠴᠦᠷᠬᠡᠭᠵᠢᠨ ᠪᠤᠵᠠᠭᠠᠶᠢᠷᠠᠬᠤ ᠶᠢ ᠠᠬᠢᠭᠤᠯᠬᠤ ᠬᠡᠷᠡᠭᠲᠡᠢ ᠭᠡᠪᠡ᠃    ᠬᠤᠲᠠ ᠶᠢᠨ ᠤᠳᠤᠷᠢᠳᠤᠯᠭ᠎ᠠ ᠶᠠᠩ ᠶᠢᠨ ᠷᠦᠢ᠂ ᠾᠧᠦ ᠶᠠᠨ ᠮᠢᠨ᠂ ᠵᠠᠩ ᠶᠢᠩ ᠵᠢᠶᠧ᠂ ᠭᠧᠩ ᡁᠢ ᠵᠢᠶᠦ᠋ᠨ᠂ ᠵᠠᠩ ᠯᠢ ᠴᠧᠩ᠂ ᠰᠢᠯᠢᠨᠪᠠᠭᠠᠳᠣᠷ ᠬᠤᠷᠠᠯ ᠳᠤ ᠣᠷᠣᠯᠴᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号