ᠡᠷᠢᠶᠡᠨ ᠬᠤᠲᠠ ᠶᠢᠨ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ  ᠶᠢᠨ 27 ᠰᠢᠨ᠎ᠡ ᠡᠯᠰᠡᠭᠰᠡᠨ ᠲᠤᠰᠠᠯᠠᠬᠤ ᠴᠠᠭᠳᠠᠭ᠎ᠠ ᠠᠵᠢᠯ ᠤᠨ ᠪᠠᠶᠢᠷᠢ ᠳᠤ ᠭᠠᠷᠪᠠ
ᠨᠡᠶᠢᠲᠡᠯᠡᠭᠰᠡᠨ ᠴᠠᠭ᠄
2023/3/15
    3 ᠰᠠᠷ᠎ᠠ ᠶᠢᠨ 13 ᠤ ᠡᠳᠦᠷ᠂ ᠡᠷᠢᠶᠡᠨ ᠬᠤᠲᠠ ᠶᠢᠨ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠶᠢᠨ 27 ᠰᠢᠨ᠎ᠡ ᠡᠯᠰᠡᠭᠰᠡᠨ ᠲᠤᠰᠠᠯᠠᠬᠤ ᠴᠠᠭᠳᠠᠭ᠎ᠠ ᠠᠵᠢᠯ ᠤᠨ ᠪᠠᠶᠢᠷᠢ ᠳᠤ ᠲᠤᠰᠢᠶᠠᠯ ᠡᠭᠦᠷᠭᠡᠯᠡᠵᠦ᠂ ᠬᠢᠯᠢ ᠬᠢᠵᠠᠭᠠᠷ ᠲᠤ ᠨᠤᠲᠤᠭᠰᠢᠵᠤ᠂ ᠠᠷᠠᠳ ᠣᠯᠠᠨ ᠤ ᠠᠮᠤᠷ ᠲᠦᠪᠰᠢᠨ ᠢ ᠬᠠᠮᠠᠭᠠᠯᠠᠬᠤ ᠰᠢᠨ᠎ᠡ ᠠᠶᠠᠨ ᠢ ᠡᠬᠢᠯᠡᠭᠦᠯᠵᠡᠢ᠃   ᠰᠢᠨ᠎ᠡ ᠪᠠᠷ ᠠᠵᠢᠯ ᠳᠤ ᠣᠷᠣᠬᠤ ᠪᠠ ᠲᠤᠰᠠᠯᠠᠬᠤ ᠴᠠᠭᠳᠠᠭ᠎ᠠ ᠶᠢᠨ ᠠᠵᠢᠯ ᠤᠨ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠦ᠂ ᠲᠡᠳᠡᠨ ᠢ ᠬᠠᠪᠰᠤᠷᠤᠨ ᠬᠠᠮᠲᠤ ᠨᠡᠶᠢᠲᠡ ᠲᠠᠢ ᠲᠦᠷᠭᠡᠬᠡᠨ ᠠᠭᠤᠰᠤᠯᠴᠠᠭᠤᠯᠵᠤ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠳᠠᠭᠠᠨ ᠵᠣᠬᠢᠴᠠᠭᠤᠯᠬᠤ ᠶᠢᠨ ᠳᠣᠯᠠᠳᠠ᠂ ᠴᠠᠭᠳᠠᠭᠠᠨ ᠤ ᠶᠠᠪᠤᠳᠠᠯ ᠤᠨ ᠠᠩᠬᠠᠨ ᠤ ᠠᠯᠬᠤᠮ ᠢ ᠰᠠᠶᠢᠲᠤᠷ ᠬᠢᠵᠦ᠂ ᠲᠣᠰ ᠶᠡᠭᠡ ᠠᠩᠭᠢ ᠶᠢᠨ ᠬᠢᠨ ᠴᠠᠭᠳᠠᠭᠠᠨ ᠤ ᠶᠠᠪᠤᠳᠠᠯ ᠤᠨ ᠲᠤᠰᠠᠯᠠᠬᠤ ᠠᠵᠢᠯᠲᠠᠨ ᠤ ᠤᠭᠲᠤᠬᠤ ᠶᠣᠰᠣᠯᠠᠯ ᠵᠢᠴᠢ ᠠᠵᠢᠯ ᠳᠤ ᠣᠷᠣᠬᠤ ᠳᠠᠶᠢᠴᠢᠯᠠᠯᠲᠠ ᠶᠢᠨ ᠶᠡᠭᠡ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠬᠤᠷᠠᠯ ᠠᠴᠠ ᠰᠢᠨ᠎ᠡ ᠪᠠᠷ ᠠᠵᠢᠯ ᠳᠤ ᠤᠷᠤᠭᠰᠠᠨ ᠪᠦᠬᠦ ᠲᠤᠰᠠᠯᠠᠬᠤ ᠴᠠᠭᠳᠠᠭ᠎ᠠ ᠳᠤ ᠦᠭᠡ ᠢᠯᠡᠭᠡᠵᠦ᠂ ᠲᠤᠰ ᠪᠡᠶ᠎ᠡ ᠶᠢᠨ ᠦᠵᠡᠯ ᠰᠠᠨᠠᠭᠠᠨ ᠤ ᠤᠬᠠᠮᠰᠠᠷ ᠪᠣᠯᠤᠨ ᠤᠯᠤᠰ ᠲᠦᠷᠦ ᠶᠢᠨ ᠬᠡᠪ ᠪᠣᠯᠪᠠᠰᠤᠷᠠᠯ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠢᠷᠠᠭᠤ ᠠᠯᠳᠠᠷ ᠢ ᠡᠭᠦᠷᠭᠡᠯᠡᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢ ᠬᠠᠮᠵᠢᠨ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠤᠯᠠᠨ ᠨᠡᠶᠢᠲᠡ ᠶᠢᠨ ᠠᠮᠤᠷ ᠲᠦᠪᠰᠢᠨ ᠢ ᠬᠠᠮᠠᠭᠠᠯᠠᠬᠤ᠂ ᠨᠡᠶᠢᠭᠡᠮ ᠤᠨ ᠬᠠᠮᠢᠶᠠᠷᠤᠯᠲᠠ ᠦᠢᠯᠡᠴᠢᠯᠡᠭᠡᠨ ᠤ ᠲᠠᠯ᠎ᠠ ᠪᠠᠷ ᠢᠳᠡᠪᠬᠢᠲᠡᠢ ᠦᠢᠯᠡᠳᠦᠯ ᠪᠠᠳᠠᠷᠠᠭᠤᠯᠬᠤ ᠬᠡᠷᠡᠭᠲᠡᠢ᠃    ᠣᠶᠢᠯᠠᠭᠠᠭᠰᠠᠨ ᠢᠶᠠᠷ᠂ ᠲᠣᠰ ᠤᠳᠠᠭ᠎ᠠ ᠰᠢᠨ᠎ᠡ ᠪᠠᠷ ᠲᠤᠰᠢᠶᠠᠯ ᠳᠤ ᠭᠠᠷᠤᠭᠰᠠᠨ 27 ᠲᠤᠰᠠᠯᠠᠬᠤ ᠴᠠᠭᠳᠠᠭ᠎ᠠ ᠲᠤᠰ ᠲᠤᠰ ᠭᠡᠷᠡᠯᠳᠦᠠᠣᠳᠦ ᠰᠣᠮᠣᠨ ᠤ ᠬᠢᠯᠢ ᠶᠢᠨ ᠲᠣᠮᠢᠯᠠᠭᠰᠠᠨ ᠰᠠᠯᠪᠤᠷᠢ ᠪᠣᠯᠤᠨ  ᠬᠢᠯᠢ ᠶᠢᠨ ᠢᠷᠭᠡᠳ ᠤᠨ ᠬᠤᠳᠠᠯᠳᠣᠭᠠᠨ ᠤ ᠳᠣᠭᠤᠷᠢᠭ ᠤᠨ ᠬᠢᠯᠢ ᠶᠢᠨ ᠲᠣᠮᠢᠯᠠᠭᠰᠠᠨ ᠰᠠᠯᠪᠤᠷᠢ ᠳᠤ ᠬᠦᠷᠴᠦ ᠴᠠᠭᠳᠠᠭᠠᠨ ᠤ ᠶᠠᠪᠤᠳᠠᠯ ᠤᠨ ᠲᠤᠰᠠᠯᠠᠬᠤ ᠠᠵᠢᠯ ᠢ ᠥᠷᠨᠢᠭᠦᠯᠬᠦ ᠪᠣᠯᠣᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号