| | 1 ᠰᠠᠷ᠎ᠠ ᠶᠢᠨ 8 ᠤ ᠡᠳᠦᠷ ᠠᠶᠠᠨᠴᠢᠳ ᠤᠨ ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠬᠦ ᠦᠢᠯᠡᠴᠢᠯᠡᠭᠡ ᠶᠢ | ᠰᠡᠷᠭᠦᠭᠡᠭᠰᠡᠨ ᠠᠴᠠ ᠨᠠᠰᠢ᠂ ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠶᠢᠨ ᠬᠢᠯᠢ ᠪᠠᠷ ᠣᠷᠣᠵᠤ ᠭᠠᠷᠬᠤ | ᠠᠶᠠᠨᠴᠢᠳ ᠦᠷᠭᠦᠯᠵᠢᠯᠡᠨ ᠨᠡᠮᠡᠭᠳᠡᠬᠦ ᠬᠠᠨᠳᠤᠰᠢ ᠲᠠᠢ ᠪᠣᠯᠪᠠ᠃ | | | | | 3 ᠰᠠᠷ᠎ᠠ ᠶᠢᠨ 14 ᠤ ᠡᠳᠦᠷ ᠪᠣᠯᠲᠠᠯ᠎ᠠ᠂ ᠡᠷᠢᠶᠡᠨ ᠤ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ | ᠪᠠᠶᠢᠴᠠᠭᠠᠬᠤ ᠥᠷᠲᠡᠭᠡ ᠠᠴᠠ ᠬᠢᠯᠢ ᠪᠠᠷ ᠣᠷᠣᠵᠤ ᠭᠠᠷᠬᠤ ᠬᠥᠮᠦᠰ ᠢ ᠨᠡᠶᠢᠲᠡ 10.2 ᠲᠦᠮᠡᠨ ᠬᠥᠮᠦᠨ ᠤᠳᠠᠭ᠎ᠠ ᠳᠤ | ᠬᠦᠷᠴᠦ᠂ ᠡᠭᠦᠨ ᠳᠤ ᠬᠢᠯᠢ ᠪᠠᠷ ᠭᠠᠷᠣᠭᠰᠠᠳ 5 ᠲᠦᠮᠡ ᠭᠠᠷᠤᠶ ᠬᠥᠮᠦᠨ ᠤᠳᠠᠭ᠎ᠠ ᠬᠦᠷᠴᠦ᠂ ᠬᠢᠯᠢ ᠪᠠᠷ ᠣᠷᠣᠭᠰᠠᠳ | 5.2 ᠲᠦᠮᠡ ᠭᠠᠷᠤᠶ ᠬᠥᠮᠦᠨ ᠤᠳᠠᠭ᠎ᠠ ᠳᠤ ᠬᠥᠷᠪᠡ᠃ | | | | | ᠪᠣᠭᠤᠮᠲᠠ ᠶᠢᠨ ︽ᠶᠡᠬᠡᠪᠡᠷ ᠣᠷᠣᠭᠤᠯᠵᠦ ᠶᠡᠬᠡᠪᠡᠷ ᠭᠠᠷᠭᠠᠬᠤ᠂ ᠲᠦᠷᠭᠡᠨ ᠣᠷᠣᠵᠤ ᠲᠦᠷᠭᠡᠨ ᠭᠠᠷᠬᠤ︾ | ᠬᠥᠭᠵᠢᠯᠲᠡ ᠶᠢᠨ ᠪᠠᠶᠢᠳᠠᠯ ᠤᠨ ᠡᠮᠦᠨ᠎ᠡ᠂ ᠡᠷᠢᠶᠡᠨ ᠬᠤᠳᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ | ᠪᠠᠶᠢᠴᠠᠭᠠᠬᠤ ᠥᠷᠲᠡᠭᠡ ᠠᠴᠠ ᠬᠢᠯᠢ ᠶᠢᠨ ᠪᠠᠶᠢᠴᠠᠭᠠᠬᠤ ᠦᠢᠯᠡᠴᠢᠯᠡᠭᠡᠨ ᠤ ᠥᠭᠡᠷᠡᠴᠢᠯᠡᠯᠲᠡ ᠵᠡᠷᠭᠡ ᠣᠯᠠᠨ ᠵᠦᠢᠯ ᠤᠨ ᠠᠷᠭ᠎ᠠ | ᠬᠡᠮᠵᠢᠶ᠎ᠡ ᠶᠢ ᠠᠪᠴᠤ᠂ ᠤᠶᠤᠨᠲᠤ ᠬᠢᠯᠢ ᠶᠢᠨ ᠪᠠᠶᠢᠴᠠᠭᠠᠬᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠪᠣᠭᠤᠮᠲᠠ ᠪᠠᠷ ᠥᠩᠭᠡᠷᠡᠬᠦ ᠳᠤ ᠥᠨᠳᠥᠷ ᠪᠦᠲᠦᠮᠵᠢᠲᠡᠶ᠂ ᠲᠦᠷᠭᠡᠨ ᠨᠡᠪᠲᠡᠷᠡᠬᠦ ᠶᠢ ᠪᠠᠲᠤᠯᠠᠵᠤ᠂ ᠬᠢᠯᠢ ᠪᠠᠷ ᠣᠷᠣᠵᠤ ᠭᠠᠷᠬᠤ | ᠬᠥᠮᠦᠰ ᠲᠤ ᠠᠮᠤᠷ ᠲᠦᠪᠰᠢᠨ᠂ ᠲᠠᠭᠠᠯᠠᠮᠵᠢᠲᠠᠶ᠂ ᠥᠨᠳᠥᠷ ᠪᠦᠲᠦᠮᠵᠢᠲᠡᠶ ᠪᠣᠭᠤᠮᠲᠠ ᠪᠠᠷ ᠥᠩᠭᠡᠷᠡᠬᠦ ᠣᠷᠴᠢᠨ | ᠨᠦᠬᠦᠴᠡᠯ ᠢ ᠪᠣᠶ ᠪᠣᠯᠭᠠᠵᠤ ᠥᠭᠪᠡ᠃ | | | | | ᠡᠷᠢᠶᠡᠨ ᠬᠤᠲᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠶᠢᠨ | ᠵᠢᠵᠢᠭᠦᠷᠯᠡᠬᠦ ᠳᠥᠷᠪᠡᠳᠦᠭᠡᠷ ᠠᠩᠭᠢ ᠶᠢᠨ ᠼᠦᠢ ᠰᠢᠤᠸᠠᠢ ᠹᠧᠩ ᠬᠡᠯᠡᠭᠰᠡᠨ ᠨᠢ᠄ ︽ᠪᠣᠭᠤᠮᠲᠠ ᠪᠠᠷ ᠥᠩᠭᠡᠷᠡᠭᠦᠯᠬᠦ ᠶᠢ ᠠᠮᠤᠷ | ᠲᠦᠪᠰᠢᠨ ᠡᠮᠬᠢ ᠵᠢᠷᠤᠮ ᠲᠠᠢ ᠪᠠᠶᠢᠬᠤ ᠶᠢ ᠪᠠᠲᠤᠯᠠᠬᠤ ᠶᠢᠨ ᠳᠣᠯᠠᠳᠠ᠂ ᠪᠢᠳᠡ ᠪᠠᠶᠢᠴᠠᠭᠠᠨ ᠰᠢᠯᠭᠠᠬᠤ ᠵᠣᠬᠢᠶᠠᠨ | ᠪᠠᠶᠢᠭᠤᠯᠤᠯᠲᠠ ᠶᠢᠨ ᠪᠠᠲᠤᠯᠠᠭ᠎ᠠ ᠶᠢᠨ ᠴᠢᠳᠠᠪᠤᠷᠢ ᠶᠢ ᠭᠤᠤᠯᠳᠠᠯᠭ᠎ᠠ ᠲᠠᠢ ᠴᠢᠩᠭᠠᠳᠬᠠᠵᠤ᠂ ᠦᠢᠯᠡᠴᠢᠯᠡᠭᠡᠨ ᠤ ᠶᠠᠪᠤᠴᠠ ᠶᠢ | ᠰᠢᠯᠢᠳᠡᠭᠵᠢᠭᠦᠯᠦᠨ᠂ ᠴᠠᠭᠳᠠᠭᠠᠨ ᠤ ᠬᠦᠴᠦᠨ ᠤ ᠪᠠᠶᠢᠷᠢᠯᠠᠭᠤᠯᠤᠯᠲᠠ ᠶᠢ ᠣᠨᠣᠪᠴᠢᠲᠠᠶ ᠲᠣᠬᠢᠷᠠᠭᠤᠯᠵᠤ᠂ ᠠᠶᠠᠨᠴᠢᠳ ᠤᠨ | ᠪᠣᠭᠤᠮᠲᠠ ᠪᠠᠷ ᠥᠩᠭᠡᠷᠡᠬᠦ ᠣᠷᠭᠢᠯ ᠤᠨ ᠬᠤᠭᠤᠴᠠᠭᠠᠨ ᠳᠤ ᠪᠥᠬᠦ ᠪᠠᠶᠢᠴᠠᠭᠠᠨ ᠰᠢᠯᠭᠠᠬᠤ ᠵᠠᠮ ᠢ ᠬᠦᠢᠴᠡᠳ ᠨᠡᠭᠡᠭᠡᠵᠦ᠂ | ᠠᠶᠠᠨᠴᠢᠳ ᠤᠨ ᠰᠠᠭᠠᠳ ᠥᠬᠡᠶ ᠨᠡᠪᠲᠡᠷᠡᠬᠦ ᠶᠢ ᠪᠠᠲᠤᠯᠠᠨ᠎ᠠ︾ ᠭᠡᠪᠡ᠃ |