ᠮᠠᠨ ᠤ ᠬᠤᠲᠠ ᠶᠢᠨ 2023 ᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠵᠢᠴᠢ ︽ᠨᠠᠮ ᠤᠨ ᠪᠠᠶᠢᠭᠤᠯᠤᠯᠲᠠ ᠶᠢ ᠠᠳᠬᠤᠬᠤ᠂ ᠰᠤᠷᠲᠠᠯ ᠢ ᠴᠡᠭᠴᠡᠯᠡᠬᠦ᠂ ᠬᠡᠪ ᠴᠢᠨᠠᠷ ᠢ ᠴᠢᠩᠭᠠᠳᠬᠠᠬᠤ᠂ ᠳᠦᠷᠢ ᠲᠥᠷᠬᠦ ᠶᠢ ᠪᠣᠶ ᠪᠣᠯᠭᠠᠬᠤ︾ ᠲᠤᠰᠬᠠᠶ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/16
   3 ᠰᠠᠷ᠎ᠠ ᠶᠢᠨ 14 ᠤ ᠡᠳᠦᠷ᠂ ᠮᠠᠨ ᠤ ᠬᠤᠲᠠ ᠶᠢᠨ 2023 ᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠵᠢᠴᠢ ︽ᠨᠠᠮ ᠤᠨ ᠪᠠᠶᠢᠭᠤᠯᠤᠯᠲᠠ ᠶᠢ ᠠᠳᠬᠤᠬᠤ᠂ ᠣᠪᠣᠷ ᠰᠤᠷᠲᠠᠯ ᠢ ᠴᠡᠭᠴᠡᠯᠡᠬᠦ᠂ ᠬᠡᠪ ᠴᠢᠨᠠᠷ ᠢ ᠴᠢᠩᠭᠠᠳᠬᠠᠬᠤ ᠂ ᠳᠦᠷᠢ ᠲᠥᠷᠬᠦ ᠶᠢ ᠱᠤᠭᠤᠬᠤ︾ ᠲᠤᠰᠬᠠᠢ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ ᠵᠢᠴᠢ ᠬᠤᠲᠠ ᠶᠢᠨ ᠤᠳᠤᠷᠢᠳᠤᠯᠭ᠎ᠠ ᠴᠧᠨ ᠢᠦᠶ ᠴᠧᠩ᠂ ᠵᠠᠩ ᠯᠢ ᠴᠧᠩ ᠬᠤᠷᠠᠯ ᠳᠤ ᠣᠷᠣᠯᠴᠠᠵᠠᠶ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠰᠢᠯᠢᠨᠪᠠᠭᠠᠳᠣᠷ ᠬᠤᠷᠠᠯ ᠡᠷᠬᠢᠯᠡᠵᠦ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠮᠡᠳᠡᠭᠦᠯᠦᠯᠲᠡ ᠬᠢᠪᠡ᠃     ᠸᠠᠩ ᠰᠠᠨ ᠱᠢ ᠵᠢᠭᠠᠵᠤ ᠭᠠᠷᠭᠠᠭᠰᠠᠨ ᠨᠢ᠂ 2022 ᠣᠨ ᠳᠤ ᠤᠯᠠᠨ ᠡᠭᠡᠯᠵᠢ ᠶᠢᠨ ᠬᠢᠵᠢᠭ ᠤᠨ ᠪᠠᠶᠢᠳᠠᠯ ᠤᠨ ᠲᠠᠭᠠᠷᠢᠯᠳᠠ ᠶᠢᠨ ᠡᠮᠦᠨ᠎ᠡ᠂ ᠪᠦᠬᠦ ᠳᠣᠲᠣᠭᠠᠳᠤ ᠶᠢ ᠬᠠᠮᠠᠭᠠᠯᠠᠬᠤ ᠲᠠᠯ᠎ᠠ ᠶᠢᠨ ᠠᠷᠠᠳ ᠤᠨ ᠲᠤᠰᠠᠯᠠᠬᠤ ᠴᠠᠭᠳᠠᠭ᠎ᠠ ᠬᠦᠨᠳᠦ ᠡᠭᠦᠷᠭᠡ ᠶᠢ ᠡᠭᠦᠷᠭᠡᠯᠡᠨ ᠡᠷᠡᠯᠬᠡᠭᠯᠡᠨ ᠲᠡᠮᠡᠴᠡᠵᠦ᠂ ᠪᠦᠬᠦ ᠬᠤᠳᠠ ᠶᠢᠨ ᠨᠡᠶᠢᠭᠡᠮ ᠤᠨ ᠶᠡᠭᠡ ᠲᠠᠯ᠎ᠠ ᠶᠢᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠵᠤ᠂ ᠨᠢᠭᠡ ᠪᠦᠯᠦᠭ ᠲᠡᠷᠢᠭᠦᠨ ᠤ ᠬᠠᠮᠲᠤ ᠪᠣᠯᠤᠨ ᠬᠤᠪᠢ ᠬᠥᠮᠦᠨ ᠴᠣᠯᠭᠤᠷᠠᠨ ᠭᠠᠷᠴᠤ᠂ ᠡᠷᠢᠶᠡᠨ ᠬᠤᠳᠠ ᠶᠢᠨ ᠳᠣᠲᠣᠭᠠᠳᠤ ᠶᠢ ᠬᠠᠮᠠᠭᠠᠯᠠᠬᠤ ᠪᠣᠯ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ ᠣᠪᠣᠷ ᠰᠤᠷᠲᠠᠯ ᠰᠢᠯᠢᠳᠡᠭ ᠰᠠᠶᠢᠨ᠂ ᠡᠷᠡᠯᠬᠡᠭ ᠪᠠᠭᠠᠲᠤᠷᠯᠢᠭ ᠢᠶᠠᠷ ᠪᠠᠶᠢᠯᠳᠤᠭᠰᠠᠨ ᠰᠢᠯᠭᠠᠷᠠᠭᠰᠠᠨ ᠡᠩᠨᠡᠭᠡ ᠪᠣᠯᠬᠤ ᠶᠢ ᠭᠦᠢᠴᠡᠳ ᠭᠡᠷᠡᠴᠢᠯᠡᠪᠡ᠂ ᠣᠯᠤᠭᠰᠠᠨ ᠠᠵᠢᠯ ᠤᠨ ᠠᠮᠵᠢᠯᠲᠠ ᠶᠢ ᠭᠦᠢᠴᠡᠳ ᠨᠤᠲᠠᠯᠠᠭᠤᠰᠢᠲᠠᠢ ᠶᠤᠮ ᠭᠡᠵᠡᠢ᠃    ᠸᠠᠩ ᠰᠠᠨ ᠱᠢ ᠴᠢᠬᠤᠯᠠᠴᠢᠯᠠᠭᠰᠠᠨ ᠨᠢ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠤᠨ᠎ᠠ᠂ ᠪᠦᠬᠦ ᠳᠣᠲᠣᠭᠠᠳᠤ ᠶᠢ ᠬᠠᠮᠠᠭᠠᠯᠠᠬᠤ ᠠᠷᠠᠳ ᠤᠨ ᠲᠤᠰᠠᠯᠠᠬᠤ ᠴᠠᠭᠳᠠᠭ᠎ᠠ ᠨᠠᠷ ᠪᠦᠯᠬᠦᠮᠳᠡᠨ ᠨᠢᠭᠡᠳᠴᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ︽ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠤ ᠦᠢᠯᠡᠴᠢᠯᠡᠬᠦ᠂ ᠬᠠᠤᠯᠢ ᠬᠡᠷᠡᠭᠵᠢᠭᠦᠯᠬᠦ ᠳᠤ ᠲᠥᠪ ᠭᠤᠣᠯᠴᠢ ᠪᠠᠶᠢᠬᠤ᠂ ᠰᠠᠬᠢᠯᠭ᠎ᠠ ᠪᠠᠲᠤ ᠴᠢᠩᠭ᠎ᠠ ᠪᠠᠶᠢᠬᠤ︾ ᠶᠡᠷᠦᠩᠬᠡᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠪᠣᠯᠤᠨ ᠠᠷᠠᠳ ᠲᠦᠮᠡᠨ ᠤ ︽ᠦᠨᠡᠨᠴᠢ ᠰᠢᠳᠤᠷᠭᠤ ᠬᠠᠮᠠᠭᠠᠯᠠᠭᠴᠢ︾᠂ ᠬᠥᠭᠵᠢᠯᠲᠡ ᠶᠢ ᠲᠦᠷᠭᠡᠳᠬᠡᠬᠦ ︽ᠲᠤᠭᠴᠢ︾᠂ ᠲᠣᠭᠲᠠᠭᠤᠨ ᠢ ᠬᠠᠮᠠᠭᠠᠯᠠᠬᠤ ︽ᠭᠤᠣᠯ ᠬᠦᠴᠦᠨ︾ ᠪᠣᠯᠤᠨ ᠤᠯᠠᠨ ᠲᠦᠮᠡᠨ ᠳᠤ ᠦᠢᠯᠡᠴᠢᠯᠡᠬᠦ ︽ᠲᠠᠭᠠᠭᠤᠯᠤᠭᠴᠢ︾ ᠪᠤᠯᠵᠤ᠂ ᠪᠣᠭᠤᠮᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠡ᠃   ᠬᠤᠷᠠᠯ ᠠᠴᠠ 2022 ᠣᠨ ᠤ ᠪᠦᠬᠦ ᠬᠤᠳᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠢ ᠳ᠋ᠦᠩᠨᠡᠨ ᠡᠷᠭᠢᠴᠡᠭᠦᠯᠵᠦ᠂ 2023 ᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠶᠡᠷᠦᠩᠬᠡᠢ ᠰᠡᠳᠬᠢᠴᠡ᠂ ᠱᠠᠭᠠᠷᠳᠠᠯᠭ᠎ᠠ ᠪᠣᠯᠤᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ︽ᠨᠠᠮ ᠤᠨ ᠪᠠᠶᠢᠭᠤᠯᠤᠯᠲᠠ ᠶᠢ ᠠᠳᠬᠤᠬᠤ᠂ ᠰᠤᠷᠲᠠᠯ ᠢ ᠴᠡᠭᠴᠡᠯᠡᠬᠦ᠂ ᠬᠡᠪ ᠪᠣᠯᠪᠠᠰᠤᠷᠠᠯ ᠢ ᠴᠢᠩᠭᠠᠳᠬᠠᠬᠤ᠂ ᠲᠦᠷᠢ ᠲᠥᠷᠬᠦ ᠶᠢ ᠪᠤᠢ ᠪᠣᠯᠭᠠᠬᠤ︾ ᠲᠤᠰᠬᠠᠢ ᠠᠵᠢᠯᠯᠠᠭ᠎ᠠ ᠶᠢᠨ ᠠᠵᠢᠯ ᠤᠨ ᠲᠥᠰᠦᠯ ᠢ ᠤᠩᠰᠢᠨ ᠨᠡᠶᠢᠲᠡᠯᠡᠪᠡ᠃    ᠬᠤᠷᠠᠯ ᠠᠴᠠ ᠬᠥᠬᠢᠭᠦᠯᠦᠭᠳᠡᠨ ᠰᠠᠶᠢᠰᠢᠶᠠᠭᠳᠠᠭᠰᠠᠨ ᠲᠡᠷᠢᠭᠦᠨ ᠤ ᠬᠠᠮᠲᠤ ᠪᠣᠯᠤᠨ ᠬᠤᠪᠢ ᠬᠥᠮᠦᠨ ᠢ ᠵᠠᠷᠯᠠᠨ ᠮᠡᠳᠡᠭᠳᠡᠭᠰᠡᠨ ᠪᠥᠭᠡᠳ ᠱᠠᠩᠨᠠᠯ ᠣᠯᠭᠤᠬᠤ ᠶᠣᠰᠣᠯᠠᠯ ᠶᠠᠪᠤᠭᠤᠯᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号