ᠯᠦ ᠪᠦᠦ ᠳ᠋ᠦᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠠᠮᠢᠶ᠎ᠠ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/3/17
  3 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠰᠣᠨᠣᠰᠴᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠤᠯᠪᠣᠭᠳᠠᠯ ᠪᠥᠬᠦᠶ ᠠᠵᠢᠯ ᠢ ᠰᠤᠳᠤᠯᠪᠠ᠃
  ᠯᠦ ᠪᠦᠦ ᠳ᠋ᠦᠩ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠨᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠲᠠᠢ ᠬᠤᠯᠪᠣᠭᠳᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ︽ᠠᠬᠢᠭᠤᠯᠤᠭᠴᠢ︾ ᠮᠥᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠥᠯᠥᠭᠡᠯᠡᠬᠦ ︽ᠵᠠᠩᠭᠢᠯᠠᠭ᠎ᠠ︾ ᠮᠥᠨ᠃ ᠪᠦᠬᠦ ᠬᠤᠲᠠ ᠶᠢᠨ ᠳᠡᠭᠡᠳᠦ ᠳᠣᠣᠷᠠᠳᠤ ᠱᠠᠲᠤ ᠪᠠᠷ ᠢᠶᠠᠨ ᠠᠵᠠ ᠲᠣᠬᠢᠶᠠᠯ ᠢ ᠠᠮᠵᠢᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠳᠬᠤᠵᠤ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠯᠦ ᠪᠦᠦ ᠳ᠋ᠦᠩ᠂ ᠡᠯ᠎ᠡ ᠬᠤᠳᠠ ᠶᠢᠨ ᠳᠡᠳ᠋ ᠳᠠᠷᠤᠭ᠎ᠠ ᠪᠣᠯᠤᠨ ᠶᠡᠷᠦᠩᠬᠡᠶᠢᠯᠡᠭᠰᠡᠨ ᠠᠵᠤ ᠠᠬᠤᠢ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠭᠦᠨᠵᠡᠭᠡᠢ ᠰᠤᠳᠤᠯᠵᠤ᠂ ᠲᠤᠬᠢᠷᠠᠭᠤᠯᠭ᠎ᠠ ᠶᠢ ᠴᠢᠩᠭᠠᠳᠬᠠᠵᠤ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠲᠦᠷᠭᠡᠨ ᠭᠦᠢᠴᠡᠳᠬᠡᠵᠦ᠂ ᠴᠠᠭ ᠢ ᠠᠮᠵᠢᠵᠤ᠂ ᠠᠬᠢᠴᠠ ᠶᠢ ᠲᠦᠷᠭᠡᠳᠬᠡᠵᠦ᠂ ᠲᠦᠷᠦᠯ ᠵᠦᠢᠯ ᠢ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠵᠤ ᠠᠬᠤᠶᠢᠯᠠᠯ ᠳᠤ ᠭᠦᠨᠵᠡᠭᠡᠶᠢᠷᠡᠨ ᠦᠢᠯᠡᠴᠢᠯᠡᠭᠡ ᠪᠠᠨ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠠᠰᠠᠭᠤᠳᠠᠯ ᠳᠤ ᠰᠢᠭᠤᠳ ᠬᠠᠨᠳᠤᠵᠤ᠂ ᠠᠵᠤ ᠠᠬᠤᠶᠢᠯᠠᠯ ᠳᠤ ᠦᠨᠡᠨ ᠪᠣᠳᠠᠲᠤ ᠶᠠᠪᠤᠳᠠᠯ ᠬᠢᠵᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠶ ᠭᠡᠪᠡ᠃    ᠯᠦ ᠪᠦᠦ ᠳ᠋ᠦᠩ᠂ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠶᠢ ᠪᠠᠷᠢᠮᠲᠠᠯᠠᠵᠤ᠂ ᠲᠦᠷᠦᠯ ᠵᠦᠢᠯ ᠤᠨ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃    ᠬᠤᠷᠠᠯ ᠠᠴᠠ ᠪᠠᠰᠠ ︽ᠡᠷᠢᠶᠡᠨ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ︾᠂ ︽ᠡᠷᠢᠶᠡᠨ ᠬᠤᠲᠠ ᠶᠢᠨ 2023 ᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠭᠤᠤᠯᠳᠠᠯᠭ᠎ᠠ︾ ᠵᠡᠷᠭᠡ ᠶᠢ ᠰᠤᠳᠤᠯᠤᠨ ᠪᠠᠲᠤᠯᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号