| | 3 ᠰᠠᠷ᠎ᠠ ᠶᠢᠨ 16 ᠤ ᠡᠳᠦᠷ᠂ ᠡᠷᠢᠶᠡᠨ ᠬᠤᠲᠠ ᠶᠢᠨ ᠭᠡᠷᠡᠯᠳᠦᠠᠣᠳᠦ ᠰᠣᠮᠣᠨ ᠤ ᠳᠥᠷᠪᠡᠳᠦᠭᠡᠷ | ᠬᠤᠭᠤᠴᠠᠭᠠᠨ ᠤ ᠨᠠᠮ ᠤᠨ ᠭᠡᠰᠢᠭᠦᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ | ᠬᠤᠷᠠᠯ ᠬᠤᠷᠠᠯᠳᠣᠪᠠ᠃ | ᠬᠤᠷᠠᠯ ᠳᠤ ᠣᠷᠣᠯᠴᠠᠬᠤ ᠶᠣᠰᠣᠲᠠᠶ ᠲᠥᠯᠥᠭᠡᠯᠡᠭᠴᠢ 51 ᠬᠥᠮᠦᠨ᠂ ᠪᠣᠳᠠᠲᠠᠶ ᠣᠷᠣᠯᠴᠠᠭᠰᠠᠨ ᠨᠢ 34 | ᠬᠥᠮᠦᠨ᠂ ᠬᠠᠤᠯᠢ ᠠᠴᠠ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃ ᠬᠤᠷᠠᠯ ᠠᠴᠠ ︽ᠭᠡᠷᠡᠯᠳᠦᠠᠣᠳᠦ | ᠰᠣᠮᠣᠨ ᠤ ᠨᠠᠮ ᠤᠨ ᠬᠤᠷᠢᠶᠠᠨ ᠤ ᠠᠵᠢᠯ ᠤᠨ ᠢᠯᠡᠳᠬᠡᠯ︾᠂ ︽ᠭᠡᠷᠡᠯᠳᠦᠠᠣᠳᠦ ᠰᠣᠮᠣᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ︾ ᠶᠢ ᠰᠣᠨᠣᠰᠴᠤ ᠬᠢᠨᠠᠨ ᠪᠠᠲᠤᠯᠠᠵᠤ᠂ 2022 ᠣᠨ ᠤ | ᠠᠵᠢᠯ ᠢᠶᠠᠨ ᠳ᠋ᠦᠩᠨᠡᠨ᠂ 2023 ᠣᠨ ᠤ ᠠᠵᠢᠯ ᠢᠶᠠᠨ ᠪᠠᠶᠢᠷᠢᠯᠠᠭᠤᠯᠪᠠ᠃ | ᠣᠶᠢᠯᠠᠭᠠᠭᠰᠠᠨ ᠢᠶᠠᠷ᠂ 2022 ᠣᠨ ᠳᠤ ᠭᠡᠷᠡᠯᠳᠦᠠᠣᠳᠦ ᠰᠤᠮᠤ ᠨᠢ ᠭᠠᠴᠠᠭᠠᠨ ᠤ ᠬᠠᠮᠲᠤ ᠶᠢᠨ ᠠᠵᠤ | ᠠᠬᠤᠶ ᠶᠢ ᠢᠳᠡᠪᠬᠢᠲᠡᠶ ᠬᠥᠭᠵᠢᠭᠦᠯᠦᠨ ᠪᠤᠵᠠᠭᠠᠶᠢᠷᠠᠭᠤᠯᠵᠤ᠂ ᠡᠷᠳᠡᠨᠢᠭᠤᠪᠢ ᠭᠠᠴᠠᠭᠠᠨ ᠤ ᠪᠧᠨ ᠪᠧᠨ ᠢᠳᠡᠰᠢᠨ | ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ | ᠲᠠᠯ᠎ᠠ ᠨᠤᠲᠤᠭ ᠤᠨ ᠡᠯᠧᠺᠲ᠋ᠣᠷᠣᠨ ᠬᠤᠳᠠᠯᠳᠤᠭᠠᠨ ᠤ ᠲᠥᠷᠥᠯ ᠵᠦᠢᠯ᠂ ᠰᠠᠶᠢᠬᠤᠰᠤ ᠭᠠᠴᠠᠭ᠎ᠠ ᠶᠢᠨ ᠯᠧ ᠢ | ᠲᠣᠰᠬᠤᠨ ᠤ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ 5 ᠭᠠᠴᠠᠭᠠᠨ ᠤ | ᠬᠠᠮᠲᠤ ᠶᠢᠨ ᠠᠵᠤ ᠠᠬᠤᠶ ᠶᠢᠨ ᠣᠷᠣᠯᠭ᠎ᠠ ᠴᠥᠮ 10 ᠲᠦᠮᠡᠨ ᠲᠥᠭᠦᠷᠢᠭ ᠢ ᠳᠠᠪᠠᠪᠠ᠃ 4 ᠮᠠᠯᠵᠢᠬᠤ | ᠭᠠᠴᠠᠭ᠎ᠠ ᠳᠤ ᠨᠢᠭᠡᠨᠲᠡ 42 ᠰᠠᠭᠤᠷᠢ ᠡᠪᠡᠰᠣᠨ ᠫᠧᠩ᠂ 100 ᠲᠡᠭᠰᠢ ᠳᠥᠷᠪᠡᠯᠵᠢᠨ ᠮᠧᠲᠷ ᠤᠨ ᠳᠠᠯᠠᠪᠠᠢ ᠲᠠᠢ | ᠳᠤᠯᠠᠭᠠᠨ ᠫᠧᠩ ᠢ 58 ᠰᠠᠭᠤᠷᠢ ᠪᠠᠶᠢᠭᠤᠯᠵᠤ᠂ 300 ᠭᠠᠷᠤᠢ ᠮᠠᠰᠢᠨ ᠬᠤᠳᠳᠤᠭ ᠴᠠᠬᠢᠯᠭᠠᠨ ᠨᠡᠪᠲᠡᠷᠡᠭᠦᠯᠵᠦ᠂ | ᠮᠠᠯ ᠪᠡᠯᠴᠢᠭᠡᠷ ᠲᠡᠩᠴᠡᠭᠦᠷᠢ ᠲᠠᠢ ᠡᠷᠦᠬᠡ ᠳᠤ ᠮᠠᠰᠢᠨ ᠬᠤᠳᠳᠤᠭ ᠴᠠᠬᠢᠯᠭᠠᠨ ᠨᠡᠪᠲᠡᠷᠡᠭᠦᠯᠬᠦ ᠶᠢ ᠦᠨᠳᠦᠰᠦᠨ ᠳᠡᠭᠡᠨ | ᠪᠡᠶᠡᠯᠡᠭᠦᠯᠪᠡ᠃ | 2022 ᠣᠨ ᠳᠤ ᠮᠠᠨ ᠤ ᠬᠤᠲᠠ ᠨᠢ 5 ᠲᠦᠮᠡᠨ ᠮᠠᠯ ᠢ ᠵᠠᠬ᠎ᠠ ᠳᠡᠭᠡᠷ᠎ᠡ ᠭᠠᠷᠭᠠᠵᠦ᠂ ᠲᠥᠯ ᠮᠠᠯ ᠤᠨ | ᠪᠤᠶᠢᠵᠢᠯᠲᠠ ᠶᠢᠨ ᠨᠣᠷᠮ᠎ᠠ 99% ᠠᠴᠠ ᠳᠡᠭᠡᠭᠰᠢ ᠪᠠᠶᠢᠬᠤ ᠶᠢ ᠪᠠᠲᠤᠯᠠᠵᠤ᠂ ᠰᠠᠶᠢᠬᠤᠰᠤ ᠭᠠᠴᠠᠭ᠎ᠠ ᠵᠢᠯ ᠳᠤ ᠡᠯ᠎ᠡ | ᠲᠦᠷᠦᠯ ᠤᠨ ᠵᠢᠮᠢᠰ ᠨᠣᠭᠤᠭ᠎ᠠ ᠶᠢ 1000 ᠲᠦᠮᠡᠨ ᠺᠢᠯᠣᠭ᠍ᠷᠠᠮ ᠳᠠᠷᠢᠵᠦ ᠪᠣᠶᠢᠵᠢᠭᠤᠯᠣᠨ᠂ ᠰᠢᠨᠡᠳᠬᠡᠭᠰᠡᠨ ᠪᠠ | ᠰᠢᠨ᠎ᠡ ᠪᠠᠷ ᠪᠠᠶᠢᠭᠤᠯᠣᠭᠰᠠᠨ ᠬᠠᠮᠳᠦ ᠶᠢᠨ ᠬᠦᠯᠡᠮᠵᠢ 30 ᠭᠠᠷᠣᠢ ᠰᠠᠭᠤᠷᠢ ᠪᠣᠯᠪᠠ᠃ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ 99% ᠳᠤ ᠬᠦᠷᠪᠡ᠃ | ᠨᠠᠮ ᠤᠨ ᠬᠡᠰᠢᠬᠦᠨ ᠤ ᠭᠤᠣᠯᠳᠠᠯᠭᠠᠳᠣ ᠡᠷᠦᠬᠡ᠂ ᠳᠡᠯ᠎ᠠ ᠨᠣᠳᠤᠭ ᠤᠨ 110 ᠡᠷᠦᠬᠡ ᠪᠣᠯᠣᠨ ᠬᠢᠯᠢ ᠳᠠᠬᠢ | ᠪᠠᠬᠢᠯᠡᠯᠳᠡ ᠶᠢᠨ ᠡᠷᠦᠬᠡ ᠶᠢᠨ ︽ᠭᠤᠷᠪᠠᠨ ᠡᠷᠦᠬᠡ ᠶᠢ ᠠᠭᠤᠰᠣᠯᠴᠠᠭᠤᠯᠬᠤ︾ ᠬᠦᠭᠵᠢᠯᠳᠡ ᠶᠢᠨ ᠵᠠᠭᠪᠣᠷ ᠢ | ᠳᠦᠯᠬᠢᠨ ᠠᠬᠢᠭᠤᠯᠵᠣ᠂ 16 ᠳᠣᠣᠷᠵᠢᠭᠰᠠᠨ ᠭᠡᠰᠡᠭ ᠬᠤᠪᠢᠶᠠᠨ᠂ 53 ᠠᠵᠢᠯᠲᠠᠨ ᠳᠣᠬᠢᠷᠠᠭᠤᠯᠵᠣ᠂ ᠪᠦᠬᠦ | ᠰᠣᠮᠣᠨ ᠤ ᠳᠣᠣᠷᠵᠢᠭᠰᠠᠨ ᠬᠠᠮᠢᠶᠠᠷᠣᠯᠳᠠ ᠶᠢᠨ ᠪᠦᠷᠬᠦᠯᠳᠡ ᠶᠢᠨ ᠨᠣᠷᠮ᠎ᠠ ᠨᠢ 100% ᠳᠤ ᠬᠦᠷᠪᠡ᠃ |