ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2023 ᠣᠨ ᠤ ᠬᠤᠶᠠᠳᠤᠭᠠᠷ ᠤᠳᠠᠭ᠎ᠠ ᠶᠢᠨ ᠰᠤᠷᠤᠯᠴᠠᠯᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2023/3/2
      2 ᠰᠠᠷ᠎ᠠ ᠶᠢᠨ 28᠎ ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ 2023 ᠣᠨ ᠤ 2 ᠳ᠋ᠤᠭᠠᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠪᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠴᠢᠬᠤᠯᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠤᠷᠤᠯᠴᠠᠵᠤ᠂ ᠲᠤᠰᠬᠠᠢ ᠮᠡᠷᠭᠡᠵᠢᠯᠲᠡᠨ ᠢ ᠤᠷᠢᠵᠤ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠥᠷᠨᠢᠭᠦᠯᠪᠡ     ᠬᠤᠲᠠ ᠶᠢᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠴᠣᠭᠵᠢᠯ ᠵᠢᠴᠢ ᠬᠤᠲᠠ ᠶᠢᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠤᠰᠤᠳ ᠪᠦᠷᠢᠯᠳᠦᠭᠦᠨ ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠶᠠᠩ ᠶᠢᠨ ᠷᠦᠢ ᠰᠤᠷᠤᠯᠴᠠᠯᠭ᠎ᠠ ᠶᠢᠨ ᠬᠤᠷᠠᠯ ᠢ ᠡᠷᠭᠢᠯᠡᠪᠡ᠃     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ᠂ ᠶᠡᠷᠦᠩᠬᠡᠢ ᠰᠠᠶᠢᠳ ᠯᠢ ᠺᠧ ᠴᠢᠶᠠᠩ ᠤᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠣᠰᠣᠭᠠᠷ᠂ ᠣᠶᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠤᠯᠤᠰ ᠲᠦᠷᠤ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ︽ᠨᠢᠭᠡ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠨᠢᠭᠡ ᠲᠠᠯ᠎ᠠ ᠶᠢᠨ ᠠᠮᠤᠷ ᠲᠦᠪᠰᠢᠨ ᠢ ᠪᠠᠲᠤᠯᠠᠬᠤ︾ ᠤᠯᠤᠰ ᠲᠦᠷᠤ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ᠂ ᠳᠤᠲᠠᠭᠳᠠᠯ ᠢ ᠪᠠᠶᠢᠴᠠᠭᠠᠵᠤ ᠳᠤᠲᠠᠭᠤ ᠶᠢ ᠨᠥᠬᠦᠪᠦᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠪᠦᠬᠦ ᠬᠤᠳᠠ ᠶᠢᠨ ᠬᠡᠪᠴᠢᠶᠡᠨ ᠳᠤ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯ ᠢ ᠲᠦᠷᠭᠡᠨ ᠥᠷᠨᠢᠭᠦᠯᠵᠦ᠂ ᠠᠮᠤᠷ ᠲᠦᠪᠰᠢᠨ ᠤ ᠬᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠵᠤ᠂ ᠦᠨᠳᠦᠰᠦ ᠠᠴᠠ ᠨᠢ ᠵᠠᠰᠠᠬᠤ ᠪᠣᠳᠣᠯᠭ᠎ᠠ ᠶᠢ ᠨᠢᠭᠡᠳ ᠨᠢᠭᠡ ᠪᠠᠷ ᠲᠣᠭᠲᠠᠭᠠᠵᠤ᠂ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠵᠤ᠂ ᠳᠤᠲᠠᠭᠤᠳᠠᠯ ᠢ ᠨᠥᠬᠦᠪᠦᠷᠢᠯᠡᠵᠦ᠂ ᠴᠢᠨᠠᠷ ᠰᠠᠶᠢᠲᠠᠢ ᠬᠥᠭᠵᠢᠯᠲᠡ ᠳᠤ ᠠᠮᠤᠷ ᠲᠦᠪᠰᠢᠨ ᠤ ᠰᠠᠭᠤᠷᠢ ᠶᠢ ᠪᠠᠲᠤᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ ᠪᠠᠰᠠ ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭᠠᠳᠬᠠᠬᠤ᠂ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号