ᠣᠯᠠᠨ ᠰᠠᠯᠠᠭ᠎ᠠ ᠮᠥᠴᠢᠷ ᠬᠠᠮᠲᠤᠷᠠᠨ ᠪᠥᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/3/2
【 ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠠᠮᠤᠷ ᠲᠦᠪᠰᠢᠨ ᠬᠥᠭᠵᠢᠯᠲᠡ ᠶᠢ ᠠᠬᠢᠭᠤᠯᠤᠨ᠎ᠠ 】     ᠣᠶᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠳᠡᠯ ᠤᠨ ᠰᠤᠷᠭᠠᠮᠵᠢ ᠶᠢ ᠭᠦᠨᠵᠡᠭᠡᠢ ᠭᠥᠯᠢᠶᠡᠨ ᠠᠪᠴᠤ᠂ ᠪᠥᠬᠦ ᠣᠷᠣᠨ᠂ ᠪᠥᠬᠦ ᠠᠶᠢᠮᠠᠭ᠂ ᠪᠥᠬᠦ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠬᠤ ᠶᠢᠨ ᠳᠣᠯᠠᠳᠠ᠂ 2 ᠰᠠᠷ᠎ᠠ ᠶᠢᠨ 28᠎ ᠤ ᠡᠳᠦᠷ᠂ ᠬᠤᠲᠠ ᠶᠢᠨ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠯᠪᠠᠨ ᠭᠡᠷ ᠤᠨ ᠬᠠᠮᠲᠤᠷᠠᠭᠰᠠᠨ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠰᠣᠨᠢᠨ ᠮᠡᠳᠡᠭᠡ ᠬᠡᠪᠯᠡᠯ ᠬᠡᠪᠯᠡᠯ ᠤᠨ ᠡᠷᠬᠡ ᠶᠢᠨ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠵᠡᠷᠭᠡ ᠰᠠᠯᠠᠭ᠎ᠠ ᠮᠥᠴᠢᠷ ᠪᠥᠬᠦ ᠬᠤᠲᠠ ᠶᠢᠨ ᠬᠡᠪᠴᠢᠶᠡᠨ ᠳᠤ ᠪᠥᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠬᠠᠮᠲᠤᠷᠠᠭᠰᠠᠨ ᠪᠠᠶᠢᠴᠠᠭᠠᠯᠲᠠ ᠶᠢ ᠥᠷᠨᠢᠭᠦᠯᠪᠡ᠃    ᠪᠠᠶᠢᠴᠠᠭᠠᠬᠤ ᠳᠤᠭᠤᠶᠢᠯᠠᠩ ᠤᠨ ᠬᠢᠨ 5 ᠬᠡᠪᠯᠡᠯ ᠤᠨ ᠠᠵᠤ ᠠᠬᠤᠶᠢᠯᠠᠯ᠂ 1 ᠺᠢᠨᠣ᠋ ᠶᠢᠨ ᠣᠷᠳᠣᠨ ᠳᠤ ᠪᠠᠶᠢᠴᠠᠭᠠᠯᠲᠠ ᠬᠢᠵᠡᠢ᠃ ᠵᠢᠭᠰᠠᠭᠠᠨ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠠᠮᠤᠷ ᠲᠦᠪᠰᠢᠨ ᠤ ᠳᠠᠯᠳᠠ ᠬᠡᠮ ᠪᠠ ᠠᠰᠠᠭᠤᠳᠠᠯ ᠳᠤ ᠴᠢᠭᠯᠡᠭᠦᠯᠦᠨ᠂ ᠠᠵᠤ ᠠᠬᠤᠶᠢᠯᠠᠯ ᠢ ᠵᠠᠷᠯᠢᠭᠳᠠᠵᠤ ᠪᠠᠶᠢᠭᠠᠳ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠨ ᠰᠠᠶᠢᠵᠢᠷᠠᠭᠤᠯᠵᠤ᠂ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ ᠳᠡᠶᠢᠯᠬᠦ ᠦᠭᠡᠢ ᠶᠢ ᠨᠢ ᠲᠣᠭᠲᠠᠭᠰᠠᠨ ᠬᠤᠭᠤᠴᠠᠭᠠᠨ ᠳᠣᠲᠣᠷ᠎ᠠ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ᠃    ᠪᠠᠶᠢᠴᠠᠭᠠᠬᠤ ᠳᠤᠭᠤᠶᠢᠯᠠᠩ ᠠᠴᠠ  ᠂ ᠠᠵᠤ ᠠᠬᠤᠶᠢᠯᠠᠯ ᠤᠳ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠰᠤᠷᠤᠯᠴᠠᠯᠭ᠎ᠠ ᠪᠠ ᠠᠵᠢᠯᠲᠠᠨ ᠠᠵᠢᠯᠴᠢᠨ ᠤ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠵᠤ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠢ ᠪᠠᠷ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠥᠭᠡᠷᠡᠴᠢᠯᠡᠬᠦ ᠪᠠ ᠬᠢᠨᠠᠨ ᠬᠠᠮᠢᠶᠠᠷᠴᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠡᠪᠯᠡᠬᠦ᠂ ᠲᠠᠷᠬᠠᠭᠠᠨ ᠭᠦᠢᠯᠭᠡᠭᠡᠬᠦ᠂ ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠵᠡᠷᠭᠡ ᠭᠤᠭᠴᠤᠭ᠎ᠠ ᠠᠴᠠ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠴᠣᠭᠴᠠᠯᠠᠬᠤ ᠬᠡᠷᠡᠭᠲᠡᠢ᠃ ᠠᠮᠤᠷ ᠲᠦᠪᠰᠢᠨ ᠤ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠡᠳᠦᠷ ᠲᠤᠳᠤᠮ ᠤᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠦᠷᠦᠯ ᠤᠨ ᠠᠮᠤᠷ ᠲᠦᠪᠰᠢᠨ ᠤ ᠬᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠬᠤ ᠶᠢᠨ ᠬᠠᠮᠲᠤ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠮᠡᠳᠡᠭᠦᠯᠦᠯᠲᠡ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠨᠠᠷᠢᠨ ᠬᠢᠨᠠᠮᠠᠭᠠᠢ ᠲᠣᠭᠲᠠᠭᠠᠵᠤ᠂ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号