ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠪᠡᠭᠡᠵᠢᠩ ᠳᠤ ᠬᠤᠷᠠᠯᠳᠤᠪᠠ  ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠪᠦᠭᠦᠳᠡ ᠬᠤᠷᠠᠯ ᠢ ᠡᠷᠬᠢᠯᠡᠪᠡ  ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2023/3/2
     ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ 2023 ᠣᠨ ᠤ 2 ᠰᠠᠷ᠎ᠠ ᠶᠢᠨ 26 ᠠᠴᠠ 28 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃      ᠰᠢᠨᠬᠤᠸᠠ ᠬᠤᠷᠢᠶᠠᠨ ᠤ ᠰᠤᠷᠪᠤᠯᠵᠢᠯᠠᠬᠴᠢ  ᠵᠢᠦᠢ ᠫᠧᠩ  ᠰᠡᠭᠦᠳᠡᠷᠯᠡᠪᠡ      ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠠᠯᠪᠠᠨ ᠮᠡᠳᠡᠭᠡ      ︵2023 ᠣᠨ ᠤ 2 ᠰᠠᠷ᠎ᠠ ᠶᠢᠨ 28 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠠᠴᠠ ᠪᠠᠲᠤᠯᠠᠪᠠ︶      ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ 2023 ᠣᠨ ᠤ 2 ᠰᠠᠷ᠎ᠠ ᠶᠢᠨ 26 ᠠᠴᠠ 28 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃      ᠡᠨᠡ ᠤᠳᠠᠭ᠎ᠠ ᠶᠢᠨ ᠪᠦᠭᠦᠳᠡ ᠬᠤᠷᠠᠯ ᠳᠤ ᠲᠥᠪ ᠬᠤᠷᠢᠶᠠᠨ ᠤ ᠭᠡᠰᠢᠭᠦᠨ 203 ᠬᠥᠮᠥᠨ᠂ ᠲᠥᠪ ᠬᠤᠷᠢᠶᠠᠨ ᠤ ᠣᠷᠣᠯᠠᠭᠴᠢ ᠭᠡᠰᠢᠭᠦᠨ 170 ᠬᠥᠮᠥᠨ ᠣᠷᠣᠯᠴᠠᠪᠠ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ      ᠪᠦᠭᠦᠳᠡ ᠬᠤᠷᠠᠯ ᠢ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠡᠷᠭᠢᠯᠡᠪᠡ᠃ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠠᠢ᠃      ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ 2023 ᠣᠨ ᠤ 2 ᠰᠠᠷ᠎ᠠ ᠶᠢᠨ 26 ᠠᠴᠠ 28 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠬᠤᠷᠠᠯ ᠢ ᠡᠷᠭᠢᠯᠡᠪᠠ᠃      ᠰᠢᠨᠬᠤᠸᠠ ᠬᠤᠷᠢᠶᠠᠨ ᠤ ᠰᠤᠷᠪᠤᠯᠵᠢᠯᠠᠬᠴᠢ  ᠶᠠᠨ ᠶᠠᠨ  ᠰᠡᠭᠦᠳᠡᠷᠯᠡᠪᠡ      ᠪᠦᠭᠦᠳᠡ ᠬᠤᠷᠠᠯ ᠠᠴᠠ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠶᠢᠨ ᠨᠠᠶᠢᠳᠠᠯᠭ᠎ᠠ ᠪᠠᠷ ᠬᠢᠭᠰᠡᠨ ᠠᠵᠢᠯ ᠤᠨ ᠢᠯᠡᠳᠬᠡᠯ ᠢ ᠰᠣᠨᠣᠰᠤᠨ ᠶᠠᠷᠢᠯᠴᠠᠵᠤ᠂ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠠᠮ ᠤᠨ ᠳᠣᠲᠣᠭᠠᠳᠤ ᠭᠠᠳᠠᠭᠠᠳᠤ ᠶᠢᠨ ᠰᠠᠨᠠᠯ ᠢ ᠥᠷᠭᠡᠨ ᠢᠶᠠᠷ ᠬᠤᠷᠢᠶᠠᠵᠤ᠂ ᠲᠠᠭᠢᠨ ᠳᠠᠪᠲᠠᠨ ᠶᠠᠷᠢᠯᠴᠠᠨ ᠵᠥᠪᠳᠡᠯᠴᠡᠭᠰᠡᠨ ᠰᠠᠭᠤᠷᠢᠨ ᠳᠡᠭᠡᠷ᠎ᠡ ᠳᠤᠷᠠᠳᠤᠭᠰᠠᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠲᠡᠪᠰᠢᠭᠦᠯᠭᠦ ᠪᠠᠷ ᠪᠠᠶᠢᠭ᠎ᠠ ᠲᠦᠷᠦ ᠶᠢᠨ ᠪᠠᠶᠢᠭᠤᠯᠤᠮᠵᠢ ᠶᠢᠨ ᠤᠳᠤᠷᠢᠳᠬᠤ ᠬᠥᠮᠥᠰ ᠤᠨ ᠵᠢᠱᠢᠭᠳᠡᠭᠴᠢ ᠶᠢᠨ ᠰᠠᠨᠠᠭᠤᠯᠭ᠎ᠠ ᠶᠢᠨ ᠨᠡᠷᠡᠰ ᠪᠣᠯᠣᠨ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯ ᠳᠤ ᠲᠡᠪᠰᠢᠭᠦᠯᠭᠦ ᠪᠠᠷ ᠪᠠᠶᠢᠭ᠎ᠠ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠬᠥᠮᠥᠰ ᠤᠨ ᠵᠢᠱᠢᠭᠳᠡᠭᠴᠢ ᠶᠢᠨ ᠰᠠᠨᠠᠭᠤᠯᠭ᠎ᠠ ᠶᠢᠨ ᠨᠡᠷᠡᠰ ᠢ ᠬᠢᠨᠠᠨ ᠵᠥᠪᠯᠡᠵᠦ ᠪᠠᠲᠤᠯᠠᠭᠠᠳ᠂ ᠡᠨᠡ ᠬᠤᠶᠠᠷ ᠰᠠᠨᠠᠭᠤᠯᠭ᠎ᠠ ᠶᠢᠨ ᠨᠡᠷᠡᠰ ᠢ ᠲᠤᠰ ᠲᠤᠰ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠪᠣᠯᠣᠨ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠳᠤ ᠲᠡᠪᠰᠢᠭᠦᠯᠭᠦ ᠪᠠᠷ ᠲᠣᠭᠲᠠᠪᠠ᠃ ᠥᠷᠭᠡᠨ ᠢᠶᠠᠷ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ ᠳᠤᠷᠠᠳᠤᠭᠰᠠᠨ ︽ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠢ ᠬᠢᠨᠠᠨ ᠵᠥᠪᠯᠡᠵᠦ ᠪᠠᠲᠤᠯᠠᠪᠠ᠃ ᠰᠢ ᠶᠢᠨ ᠫᠢᠩ ︽ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ︵ᠡᠬᠡ ᠨᠣᠣᠷᠠᠭ︶︾ ᠤᠨ ᠲᠤᠬᠠᠢ ᠪᠦᠭᠦᠳᠡ ᠬᠤᠷᠠᠯ ᠳᠤ ᠲᠣᠳᠣᠷᠬᠠᠶᠢᠯᠠᠯᠲᠠ ᠬᠢᠪᠡ᠃ ᠪᠦᠭᠦᠳᠡ ᠬᠤᠷᠠᠯ ᠠᠴᠠ ︽ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠤᠨ ᠬᠡᠰᠡᠭ ᠠᠭᠤᠯᠭ᠎ᠠ ᠶᠢ ᠬᠠᠤᠯᠢ ᠳᠤ ᠲᠣᠭᠲᠠᠭᠠᠭᠰᠠᠨ ᠲᠡᠰ ᠳᠠᠷᠠᠭᠠᠯᠠᠯ ᠶᠣᠰᠣᠭᠠᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠭᠦ ᠪᠠᠷ ᠵᠥᠪᠰᠢᠶᠡᠷᠡᠪᠡ᠃      ᠪᠦᠭᠦᠳᠡ ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ ᠪᠦᠭᠦᠳᠡ ᠬᠤᠷᠠᠯ ᠠᠴᠠ ᠨᠠᠭᠠᠰᠢᠬᠢ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠵᠢᠯ ᠢ ᠭᠦᠢᠴᠡᠳ ᠨᠤᠲᠠᠯᠠᠪᠠ᠃ ᠬᠦᠨᠳᠦ ᠨᠣᠴᠢᠲᠠᠢ ᠲᠦᠪᠡᠭ ᠪᠤᠳᠤᠯᠢᠶᠠᠨᠲᠠᠢ ᠳᠡᠯᠡᠬᠡᠢ ᠶᠢᠨ ᠣᠷᠴᠢᠨ ᠨᠥᠬᠦᠴᠡᠯ ᠪᠠ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠬᠠᠲᠠᠭᠤ ᠪᠡᠷᠬᠡ ᠨᠦᠰᠡᠷ ᠬᠦᠨᠳᠦ ᠡᠭᠦᠷᠭᠡ ᠶᠢᠨ ᠡᠮᠦᠨ᠎ᠡ᠂ ᠤᠯᠤᠰ ᠲᠦᠷᠦ ᠶᠢᠨ ᠲᠣᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠭᠠᠷᠭᠠᠵᠤ᠂ ᠵᠢᠶᠠᠩ ᠽᠧ ᠮᠢᠨ ᠨᠥᠬᠦᠷ ᠢ ᠶᠡᠭᠡ ᠪᠠᠷ ᠡᠮᠭᠡᠨᠢᠨ ᠭᠠᠰᠢᠭᠤᠳᠠᠵᠤ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ  ᠤ ᠬᠤᠭᠤᠴᠠᠭ᠎ᠠ ᠰᠣᠯᠢᠬᠤ ᠪᠡᠯᠡᠳᠬᠡᠯ ᠠᠵᠢᠯ ᠢ ᠰᠠᠶᠢᠲᠤᠷ ᠬᠢᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠥᠳᠡᠯᠦᠩᠭᠦᠢ ᠪᠠᠷ ᠰᠢᠯᠢᠳᠡᠭᠵᠢᠭᠦᠯᠦᠨ ᠲᠣᠬᠢᠷᠠᠭᠤᠯᠵᠤ᠂ ᠠᠵᠤ ᠠᠬᠤᠢ ᠶᠢᠨ ᠲᠣᠭᠲᠠᠭᠤᠨ ᠢᠶᠠᠷ ᠳᠡᠭᠡᠭᠰᠢᠯᠡᠬᠦ ᠶᠢ ᠬᠦᠴᠦᠯᠡᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠨᠡᠶᠢᠭᠡᠮ ᠵᠢᠷᠤᠮ ᠤᠨ ᠠᠷᠠᠳᠴᠢᠯᠠᠯ ᠬᠠᠤᠯᠢᠵᠢᠯ ᠤᠨ ᠪᠠᠶᠢᠭᠤᠯᠤᠯᠲᠠ ᠪᠠ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠡᠷᠡᠰ ᠬᠠᠮᠠᠭᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠲᠣᠮᠣ ᠤᠯᠤᠰ ᠤᠨ ᠭᠠᠳᠠᠭᠠᠳᠤ ᠬᠠᠷᠢᠯᠴᠠᠭᠠᠨ ᠤ ᠰᠢᠨ᠎ᠡ ᠠᠶᠠᠨ ᠢ ᠡᠬᠢᠯᠡᠭᠦᠯᠵᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠤᠯᠠᠮ ᠭᠦᠨᠵᠡᠭᠡᠶᠢᠷᠡᠭᠦᠯᠵᠦ᠂ ᠡᠯ᠎ᠡ ᠵᠦᠢᠯ ᠤᠨ ᠠᠵᠢᠯ ᠰᠢᠨ᠎ᠡ ᠠᠯᠬᠤᠮ ᠢ ᠠᠯᠬᠤᠵᠠᠢ ᠭᠡᠵᠦ ᠰᠠᠨᠠᠯ ᠨᠢᠭᠡᠲᠡᠢ ᠦᠵᠡᠪᠡ᠃      ᠪᠦᠭᠦᠳᠡ ᠬᠤᠷᠠᠯ ᠠᠴᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠣᠯᠣᠨ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯ ᠢ ᠰᠠᠶᠢᠲᠤᠷ ᠬᠤᠷᠠᠯᠳᠤᠭᠤᠯᠬᠤ ᠨᠢ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠤᠯᠠᠮ ᠴᠢᠨᠠᠭᠰᠢᠳᠠ ᠲᠠᠶᠢᠴᠢᠯᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ  ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ  ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ ᠭᠡᠵᠦ ᠴᠢᠬᠤᠯᠠᠴᠢᠯᠠᠪᠠ᠃      ᠪᠦᠭᠦᠳᠡ ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠡᠭᠦᠷᠭᠡ ᠪᠤᠯᠭᠠᠵᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠬᠤ᠂ ᠰᠢᠯᠢᠳᠡᠭᠵᠢᠭᠦᠯᠬᠦ ᠬᠠᠮᠵᠢᠯᠴᠠᠭᠤᠯᠬᠤ ᠥᠨᠳᠥᠷ ᠪᠦᠲᠦᠮᠵᠢᠲᠡᠶ ᠪᠠᠶᠢᠯᠭᠠᠬᠤ ᠶᠢ ᠪᠠᠷᠢᠮᠲᠠᠯᠠᠬᠤ᠂ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠬᠤ ᠵᠠᠷᠴᠢᠮ ᠶᠣᠰᠣᠭᠠᠷ᠂ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠠᠮ ᠪᠣᠯᠣᠨ ᠲᠥᠷᠦ ᠶᠢᠨ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠ ᠶᠢᠨ ᠴᠢᠨᠠᠷᠲᠠᠢ ᠲᠠᠭᠢᠨ ᠪᠠᠶᠢᠭᠤᠯᠤᠯᠲᠠ ᠶᠢ ᠪᠡᠶᠡᠯᠡᠭᠦᠯᠵᠦ᠂ ᠨᠠᠮ ᠪᠠ ᠤᠯᠤᠰ ᠤᠨ ᠠᠵᠢᠯ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠣᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠭᠠᠬᠤ ᠳᠤ ᠬᠦᠴᠦᠲᠡᠢ ᠪᠠᠲᠤᠯᠠᠭ᠎ᠠ ᠬᠠᠩᠭᠠᠭᠰᠠᠨ ᠪᠥᠭᠡᠳ ᠪᠠᠰᠠ ᠨᠠᠮ ᠪᠣᠯᠣᠨ ᠲᠥᠷᠥ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠳᠤ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠵᠠᠢ ᠭᠡᠵᠦ ᠦᠵᠡᠪᠡ᠃      ᠪᠦᠭᠦᠳᠠ ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠴᠢᠬᠤᠯᠠ ᠪᠠᠶᠢᠷᠢᠯᠠᠭᠤᠯᠤᠯᠲᠠ ᠬᠢᠪᠡ᠂ ᠡᠨᠡ ᠨᠢ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠴᠢᠬᠤᠯᠠ ᠶᠡᠭᠡ ᠪᠥᠭᠡᠳ ᠠᠯᠤᠰ ᠭᠡᠳᠤ ᠶᠢᠨ ᠠᠴᠢ ᠬᠤᠯᠪᠣᠭᠳᠠᠯ ᠲᠠᠢ ᠶᠤᠮ᠃ ᠡᠷᠬᠡᠪᠰᠢ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠬᠤ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠪᠠᠷ ᠤᠳᠤᠷᠢᠳᠤᠮᠵᠢ ᠪᠤᠯᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ︽ᠳᠥᠷᠪᠡᠨ ᠪᠦᠭᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠬᠤ ᠱᠠᠭᠠᠷᠳᠠᠯᠭ᠎ᠠ ᠲᠠᠢ ᠵᠣᠬᠢᠴᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠴᠡᠭᠡ ᠳᠤ ᠵᠣᠬᠢᠴᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠪᠠᠶᠢᠭᠤᠯᠤᠮᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠮᠵᠢ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠭᠤᠯᠤᠮᠵᠢ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠤᠮᠵᠢ ᠶᠢ ᠨᠢᠭᠡᠳᠦᠯᠲᠡᠢ ᠲᠥᠯᠥᠪᠵᠢᠭᠦᠯᠵᠦ᠂ ᠲᠥᠪ ᠪᠠ ᠣᠷᠣᠨ ᠨᠤᠲᠤᠭ ᠢ ᠨᠢᠭᠡᠳᠦᠯᠲᠡᠢ ᠲᠥᠯᠥᠪᠵᠢᠭᠦᠯᠵᠦ᠂ ᠭᠤᠣᠯᠳᠠᠯᠭ᠎ᠠ ᠲᠠᠢ ᠬᠦᠷᠢᠶᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠠᠬᠢ ᠨᠠᠮ ᠤᠨ ᠤᠳᠤᠷᠢᠳᠤᠯᠭ᠎ᠠ ᠶᠢ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢᠨ ᠲᠠᠯ᠎ᠠ ᠪᠠᠷ ᠨᠡᠩ ᠰᠢᠨᠵᠢᠯᠡᠬᠦ ᠤᠬᠠᠭᠠᠨᠴᠢ᠂ ᠡᠭᠦᠷᠭᠡ ᠴᠢᠳᠠᠪᠬᠢ ᠶᠢᠨ ᠲᠣᠬᠢᠷᠠᠭᠤᠯᠤᠯᠲᠠ ᠶᠢᠨ ᠲᠠᠯ᠎ᠠ ᠪᠠᠷ ᠨᠡᠩ ᠰᠢᠯᠢᠳᠡᠭᠵᠢᠭᠦᠯᠵᠦ᠂ ᠪᠠᠶᠢᠭᠤᠯᠤᠮᠵᠢ ᠲᠣᠭᠲᠠᠴᠠ ᠶᠢᠨ ᠲᠠᠯ᠎ᠠ ᠪᠠᠷ ᠨᠡᠩ ᠲᠡᠭᠦᠯᠳᠡᠷᠵᠢᠭᠦᠯᠵᠦ᠂ ᠠᠵᠢᠯᠯᠠᠭᠠᠨ ᠤ ᠬᠠᠮᠢᠶᠠᠷᠤᠯᠲᠠ ᠶᠢᠨ ᠲᠠᠯ᠎ᠠ ᠪᠠᠷ ᠨᠠᠩ ᠥᠨᠳᠥᠷ ᠪᠦᠲᠦᠮᠵᠢᠲᠡᠶ ᠪᠠᠶᠢᠯᠭᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠪᠦᠭᠦᠳᠡ ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠦᠭᠦ ᠲᠠᠯ᠎ᠠ ᠶᠢᠨ ᠥᠨᠳᠥᠷᠴᠡ ᠠᠴᠠ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠴᠢᠬᠤᠯᠠ ᠴᠢᠨᠠᠷ ᠪᠣᠯᠣᠨ ᠲᠤᠯᠭᠠᠮ ᠴᠢᠨᠠᠷ ᠢ ᠭᠦᠢᠴᠡᠳ ᠲᠠᠨᠢᠵᠤ᠂ ︽ᠬᠤᠶᠠᠷ ᠢ ᠲᠣᠭᠲᠠᠭᠠᠭᠰᠠᠨ︾  ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠪᠣᠯᠣᠨ ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠡᠷᠬᠡ ᠰᠦᠷᠲᠦ ᠴᠢᠨᠠᠷ ᠪᠣᠯᠣᠨ ᠲᠥᠪ ᠴᠢᠩᠭ᠎ᠠ ᠴᠢᠨᠠᠷ ᠢ ᠡᠷᠡᠰ ᠬᠠᠮᠠᠭᠠᠯᠠᠵᠤ᠂ ᠥᠭᠡᠷᠡᠴᠢᠯᠡᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠶᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠪᠦᠭᠦᠳᠡ ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠪᠦᠭᠦ ᠨᠠᠮ ᠤᠨ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠮᠥᠨ᠂ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ ᠠᠴᠢᠶᠠᠯᠠᠪᠤᠷᠢ ᠶᠢ ᠪᠠᠶᠠᠯᠢᠭᠵᠢᠭᠤᠯᠤᠨ᠂ ᠠᠷᠭ᠎ᠠ ᠪᠠᠷᠢᠯ ᠤᠨ ᠲᠠᠯ᠎ᠠ ᠪᠠᠷ ᠰᠢᠨ᠎ᠡ ᠶᠢ ᠡᠭᠦᠳᠴᠦ᠂ ᠠᠷᠠᠳ ᠤᠯᠠᠨ ᠤ ᠦᠵᠡᠵᠦ ᠰᠣᠨᠢᠷᠬᠠᠬᠤ ᠳᠤᠷᠠᠲᠠᠢ ᠭᠡᠯᠪᠡᠷᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠠᠶᠢᠭᠤᠯᠭ᠎ᠠ ᠳᠤ ᠣᠷᠣᠭᠤᠯᠬᠤ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ ᠣᠷᠣᠭᠤᠯᠬᠤ᠂ ᠬᠤᠳᠠ ᠬᠥᠳᠡᠭᠡ ᠨᠡᠶᠢᠭᠡᠮ ᠲᠣᠭᠤᠷᠢᠭ ᠲᠤ ᠣᠷᠣᠭᠤᠯᠬᠤ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠴᠡᠷᠢᠭ ᠤᠨ ᠬᠤᠸᠠᠷᠠᠨ ᠳᠤ ᠣᠷᠣᠭᠤᠯᠬᠤ᠂ ᠡᠯ᠎ᠡ ᠲᠦᠷᠦᠯ ᠤᠨ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠣᠷᠣᠭᠤᠯᠬᠤ᠂ ᠰᠦᠯᠵᠢᠶᠡᠨ ᠤ ᠦᠷᠳᠡᠭᠡ ᠳᠤ ᠣᠷᠣᠭᠤᠯᠬᠤ ᠶᠢ ᠠᠬᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠥᠮᠥᠰ ᠤᠨ ᠰᠡᠳᠬᠢᠯ ᠳᠤ ᠦᠨᠡᠨ ᠬᠦ ᠬᠠᠳᠠᠩᠰᠢᠭᠤᠯᠬᠤ ᠬᠡᠷᠡᠭᠲᠡᠢ᠃ ᠤᠳᠤᠷᠢᠳᠬᠤ ᠺᠠᠳ᠋ᠷᠴᠤᠳ ᠦᠷᠭᠦᠯᠵᠢᠯᠡᠨ ᠪᠦᠭᠦ ᠲᠠᠯ᠎ᠠ ᠪᠠᠷ ᠰᠤᠷᠤᠯᠴᠠᠬᠤ᠂ ᠪᠦᠭᠦ ᠲᠠᠯ᠎ᠠ ᠪᠠᠷ ᠡᠵᠡᠮᠰᠢᠬᠦ᠂ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠲᠠᠯ᠎ᠠ ᠪᠠᠷ ᠦᠯᠢᠭᠡᠷ ᠳᠠᠭᠤᠷᠢᠶᠠᠯ ᠪᠣᠯᠵᠤ᠂ ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠠᠭᠤᠤ ᠶᠡᠭᠡ ᠬᠤᠪᠢᠰᠤᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ᠂ ᠠᠷᠭ᠎ᠠ ᠶᠢᠨ ᠣᠨᠣᠯ ᠪᠠ ᠲᠡᠭᠦᠨ ᠤ ᠳᠤᠮᠳᠠ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠪᠣᠯᠪᠠᠰᠤᠷᠠᠩᠭᠤᠢ ᠡᠵᠡᠮᠰᠢᠵᠦ᠂ ᠰᠢᠨ᠎ᠡ ᠴᠠᠭ ᠦᠶ᠎ᠡ ᠰᠢᠨ᠎ᠡ ᠠᠶᠠᠨ ᠳᠤ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠬᠠᠷᠠᠯᠲᠠ ᠡᠭᠦᠷᠭᠡ᠂ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ᠂ ᠴᠢᠬᠤᠯᠠ ᠶᠡᠭᠡ ᠠᠷᠭ᠎ᠠ ᠬᠡᠮᠵᠢᠶ᠎ᠡ ᠶᠢ ᠪᠦᠬᠦᠯᠢ ᠴᠣᠭᠴᠠ ᠪᠠᠷ ᠨᠢ ᠡᠵᠡᠮᠳᠡᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠲᠥᠰᠥᠯ᠂ ᠪᠣᠳᠠᠲᠠᠢ ᠠᠷᠭ᠎ᠠ ᠬᠡᠮᠵᠢᠶ᠎ᠡ ᠶᠢ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠤᠨ ᠢᠶᠠᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ ᠰᠠᠶᠢᠲᠤᠷ ᠲᠣᠭᠲᠠᠭᠠᠵᠤ᠂ ᠰᠠᠶᠢᠲᠤᠷ ᠬᠡᠷᠡᠭᠵᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠦᠵᠡᠪᠡ᠃      ᠪᠦᠭᠦᠳᠡ ᠬᠤᠷᠠᠯ ᠠᠴᠠ᠂ ᠣᠳᠣᠬᠠᠨ ᠳᠤ᠂ ᠳᠡᠯᠡᠬᠡᠢ ᠳ᠋ᠠᠬᠢᠨ ᠳᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠦᠨ ᠬᠥᠭᠵᠢᠵᠦ᠂ ᠳᠡᠯᠡᠬᠡᠢ ᠶᠢᠷᠲᠢᠨᠴᠦ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠵᠤ᠂ ᠮᠠᠨ ᠤ ᠤᠯᠤᠰ ᠤᠨ ᠬᠥᠭᠵᠢᠯᠲᠡ ᠨᠢ ᠪᠠᠶᠢᠯᠳᠤᠬᠤ ᠪᠣᠳᠣᠯᠭ᠎ᠠ ᠶᠢᠨ ᠠᠵᠠ ᠲᠣᠭᠢᠶᠠᠯ ᠪᠣᠯᠣᠨ ᠠᠶᠤᠯ ᠲᠦᠭᠰᠢᠭᠦᠷᠢ ᠥᠷᠢᠰᠦᠯᠳᠦᠭᠡᠨ ᠵᠡᠷᠭᠡ ᠪᠠᠷ ᠣᠷᠣᠰᠢᠵᠤ᠂ ᠲᠤᠬᠳᠠᠭᠠᠯᠳᠤ ᠪᠤᠰᠤ ᠴᠢᠨᠠᠷ ᠵᠢᠱᠢᠬᠦᠶ᠎ᠡ ᠪᠡᠷᠬᠡ ᠬᠦᠴᠦᠨ ᠵᠦᠢᠯ ᠨᠡᠮᠡᠭᠳᠡᠵᠦ ᠪᠠᠶᠢᠭ᠎ᠠ ᠬᠤᠭᠤᠴᠠᠭᠠᠨ ᠳᠤ ᠣᠷᠣᠵᠠᠢ᠂ ᠡᠷᠬᠡᠪᠰᠢ ᠶᠡᠭᠡ ᠰᠠᠯᠬᠢ ᠰᠢᠷᠦᠭᠦᠨ ᠳᠠᠪᠠᠯᠭᠠᠨ ᠴᠢᠨᠠᠭᠰᠢᠯᠠᠪᠠᠯ ᠳᠣᠬᠰᠢᠨ ᠳᠠᠪᠠᠯᠭᠠᠨ ᠰᠢᠷᠦᠭᠦᠨ ᠲᠤᠯᠭᠢᠯᠳᠠ ᠶᠢᠨ ᠬᠦᠨᠳᠦ ᠶᠡᠭᠡ ᠰᠢᠯᠭᠠᠯᠲᠠ ᠶᠢ ᠳᠤᠭᠤᠯᠬᠤ ᠪᠠᠷ ᠪᠡᠯᠡᠳᠬᠡᠬᠦ ᠬᠡᠷᠡᠭᠲᠡᠢ᠃ ᠮᠠᠨ ᠤ ᠤᠯᠤᠰ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠮᠥᠨ ᠯᠡ ᠴᠥᠭᠡᠨ ᠪᠤᠰᠤ ᠭᠦᠨ ᠳᠠᠪᠬᠤᠷᠭ᠎ᠠ ᠶᠢᠨ ᠵᠥᠷᠢᠴᠡᠯ ᠳᠤ ᠲᠤᠯᠭᠠᠷᠠᠵᠤ᠂ ᠬᠡᠷᠡᠭᠴᠡᠭᠡ ᠪᠠᠭᠠᠰᠴᠤ᠂ ᠬᠠᠩᠭᠠᠯᠭ᠎ᠠ ᠳᠠᠭᠠᠷᠢᠯᠲᠠ ᠳᠤ ᠤᠴᠠᠷᠠᠵᠤ᠂ ᠵᠢᠱᠢᠯᠲᠡ ᠪᠠᠭᠤᠷᠠᠢ ᠪᠣᠯᠤᠭᠰᠠᠨ ᠭᠤᠷᠪᠠᠨ ᠳᠠᠪᠬᠤᠷ ᠳᠠᠷᠤᠯᠲᠠ ᠮᠥᠨ ᠯᠡ ᠨᠡᠯᠢᠶᠡᠳ ᠶᠡᠭᠡ ᠪᠠᠶᠢᠵᠤ᠂ ᠠᠵᠤ ᠠᠬᠤᠢ ᠶᠢᠨ ᠰᠡᠷᠭᠦᠯᠲᠡ ᠶᠢᠨ ᠰᠠᠭᠤᠷᠢ ᠬᠠᠷᠠᠬᠠᠨ ᠪᠠᠲᠤ ᠪᠠᠬᠢ ᠪᠢᠰᠢ ᠪᠠᠶᠢᠵᠤ᠂ ᠵᠢᠱᠢᠯᠲᠡ ᠠᠴᠠ ᠳᠠᠪᠠᠭᠰᠠᠨ ᠬᠦᠴᠦᠨ ᠵᠦᠢᠯ ᠨᠦᠭᠦᠳ ᠡᠭᠦᠰᠴᠦ ᠮᠡᠳᠡᠨ᠎ᠡ ᠃ ᠪᠦᠭᠦ ᠨᠠᠮ ᠤᠨ ᠨᠥᠬᠦᠳ ᠡᠷᠬᠡᠪᠰᠢ ᠢᠲᠡᠭᠡᠯ ᠵᠣᠷᠢᠭ ᠢᠶᠠᠨ ᠪᠠᠲᠤᠳᠬᠠᠨ᠂ ᠪᠠᠶᠢᠯᠳᠤᠬᠤ ᠪᠣᠳᠣᠯᠭ᠎ᠠ ᠶᠢᠨ ᠰᠡᠷᠭᠡᠭ ᠪᠠᠶᠢᠳᠠᠯ ᠢᠶᠠᠨ ᠪᠠᠲᠤᠯᠠᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠭᠤᠷᠪᠠ ᠶᠢ ᠨᠡᠩ ᠰᠠᠶᠢᠨ ᠨᠢᠭᠡᠳᠦᠯᠲᠡᠢ ᠲᠥᠯᠥᠪᠵᠢᠭᠦᠯᠬᠦ︾ ᠶᠢ ᠪᠡᠶᠡᠯᠡᠭᠦᠯᠵᠦ᠂ ᠡᠨᠡ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠬᠦ ᠬᠡᠷᠡᠭᠲᠡᠢ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ᠃ ᠰᠢᠨ᠎ᠡ ᠱᠠᠲᠤᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠵᠦ᠂ ︽ᠬᠥᠬᠡᠭᠴᠢᠨ ᠲᠦᠷᠦᠯ ᠤᠨ ᠬᠥᠬᠡᠭᠴᠢᠨ ᠬᠠᠮᠢᠶᠠᠷᠤᠯᠲᠠ︾ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠳᠣᠲᠣᠭᠠᠳᠤ ᠬᠡᠷᠡᠭᠴᠡᠭᠡ ᠶᠢ ᠴᠢᠷᠮᠠᠶᠢᠨ ᠥᠷᠭᠡᠳᠬᠡᠵᠦ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠣᠯᠣᠨ ᠠᠮᠤᠷ ᠲᠦᠪᠰᠢᠨ ᠤ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠶᠢᠵᠢᠭᠰᠡᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠠᠵᠤ ᠠᠬᠤᠢ ᠮᠥᠩᠭᠦᠨ ᠭᠦᠢᠯᠭᠡᠭᠡᠨ ᠤ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠯ᠎ᠡ ᠵᠦᠢᠯ ᠤᠨ ᠠᠵᠢᠯ ᠢ ᠬᠦᠴᠦᠯᠡᠨ ᠴᠢᠩᠭᠠᠳᠬᠠᠵᠤ᠂ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠲᠦᠷᠦ ᠶᠢᠨ ᠪᠣᠳᠣᠯᠭ᠎ᠠ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠵᠤ᠂ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠰᠠᠶᠢᠲᠤᠷ ᠪᠠᠲᠤᠯᠠᠵᠤ᠂ ᠨᠡᠶᠢᠭᠡᠮ ᠤᠨ ᠪᠠᠲᠤᠯᠠᠭ᠎ᠠ ᠶᠢᠨ ᠲᠣᠣᠷ ᠢ ᠪᠠᠬᠢᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠢᠯᠠᠩᠭᠤᠶ᠎ᠠ ᠬᠤᠳᠠ ᠬᠥᠳᠡᠭᠡ ᠶᠢᠨ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠦᠷᠢᠯᠡᠵᠦ᠂ ᠦᠷᠡᠵᠢᠯ ᠢ ᠳᠡᠮᠵᠢᠭᠦ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠡᠪᠴᠢᠶᠡᠵᠢᠯ ᠤᠨ ᠴᠢᠨᠠᠷᠲᠠᠢ ᠲᠠᠭᠢᠨ ᠶᠠᠳᠠᠭᠤᠷᠠᠬᠤ ᠶᠢ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠪᠦᠭᠦᠳᠠ ᠬᠤᠷᠠᠯ ᠠᠴᠠ᠂ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠨᠢᠭᠡ ᠪᠦᠯᠦᠭ ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ ᠪᠦᠲᠦᠭᠡᠯᠴᠢ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠥᠭᠡᠷᠡᠴᠢᠯᠡᠯᠲᠡ ᠶᠢᠨ ᠰᠢᠰᠲ᠋ᠧᠮ ᠤᠨ ᠬᠤᠷᠠᠮᠳᠤᠯ᠂ ᠬᠠᠮᠵᠢᠯᠴᠠᠨ ᠥᠨᠳᠥᠷ ᠪᠦᠲᠦᠮᠵᠢᠲᠡᠢ ᠪᠠᠶᠢᠬᠤ ᠶᠢ ᠴᠢᠩᠭᠠᠳᠬᠠᠵᠤ᠂ ᠴᠢᠬᠤᠯᠠ ᠬᠦᠷᠢᠶ᠎ᠡ ᠪᠣᠯᠣᠨ ᠵᠠᠩᠭᠢᠯᠠᠭ᠎ᠠ ᠶᠢᠨ ᠭᠤᠭᠴᠤᠭ᠎ᠠ ᠳᠤ ᠰᠢᠨ᠎ᠡ ᠰᠢᠪᠲᠤᠯᠤᠯᠲᠠ ᠭᠠᠷᠭᠠᠬᠤ ᠬᠡᠷᠡᠭᠲᠡᠢ᠃ ᠨᠡᠶᠢᠭᠡᠮ ᠵᠢᠷᠤᠮ ᠤᠨ ᠦᠨᠳᠦᠰᠦᠨ ᠠᠵᠤ ᠠᠬᠤᠢ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠣᠲᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠵᠦ᠂ ᠣᠲᠣ ᠦᠶ᠎ᠡ ᠶᠢᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠲᠡᠭᠦᠯᠳᠡᠷᠵᠢᠭᠦᠯᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠵᠤ᠂ ᠡᠯ᠎ᠡ ᠬᠦᠷᠢᠶᠡᠨ ᠤ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠲᠥᠰᠥᠪᠯᠡᠬᠦ ᠬᠡᠷᠡᠭᠲᠡᠢ᠃ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠶᠢ ᠴᠢᠬᠤᠯᠠᠴᠢᠯᠠᠵᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠥᠳᠡᠯᠭᠡᠭᠦ ᠬᠦᠴᠦᠨ ᠪᠠ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠴᠢᠩᠭᠠᠳᠬᠠᠵᠤ᠂ ᠮᠠᠨ ᠤ ᠤᠯᠤᠰ ᠤᠨ ᠪᠠᠶᠢᠭᠤᠯᠤᠯ ᠤᠨ ᠳᠠᠪᠠᠭᠤᠯᠢᠭ ᠢ ᠤᠯᠤᠰ ᠤᠨ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠨᠡᠩ ᠰᠠᠶᠢᠲᠤᠷ ᠬᠤᠪᠢᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠪᠦᠭᠦᠳᠡ ᠬᠤᠷᠠᠯ ᠠᠴᠠ᠂ ᠨᠠᠮ ᠤᠨ ᠪᠠᠶᠢᠭᠤᠯᠤᠯᠲᠠ ᠶᠢᠨ ᠲᠤᠬᠠᠢ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠭᠡ ᠨᠠᠮ ᠤᠨ ᠥᠪᠡᠷᠮᠢᠴᠡ ᠬᠦᠴᠢᠷ ᠠᠰᠠᠭᠤᠳᠠᠯ ᠢ ᠰᠢᠢᠳᠪᠦᠷᠢᠯᠡᠬᠦ ᠰᠡᠷᠭᠡᠭ ᠪᠠᠶᠢᠳᠠᠯ ᠪᠣᠯᠣᠨ ᠡᠷᠡᠰ ᠪᠠᠲᠤ ᠪᠠᠶᠢᠳᠠᠯ ᠢᠶᠠᠨ ᠴᠠᠭ ᠢᠮᠠᠭᠲᠠ ᠪᠠᠲᠤᠯᠠᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠵᠦ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠨᠠᠮ ᠤᠨ ᠡᠯ᠎ᠡ ᠲᠠᠯ᠎ᠠ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠤᠨ ᠭᠦᠨᠵᠡᠭᠡᠶᠢᠷᠡᠨ ᠭᠦᠭᠵᠢᠭᠦ ᠶᠢ ᠠᠬᠢᠭᠤᠯᠬᠤ ᠬᠡᠷᠡᠭᠲᠡᠢ᠃ ᠪᠦᠭᠦ ᠨᠠᠮ ᠤᠨ ᠳᠣᠲᠣᠷ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠳᠤ᠂ ᠰᠢᠨᠵᠢᠯᠡᠬᠦ ᠤᠬᠠᠭᠠᠨᠴᠢ ᠪᠠᠷ ᠲᠥᠯᠥᠪᠯᠡᠵᠦ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠤᠨᠤᠯ ᠤᠨ ᠰᠤᠷᠤᠯᠴᠠᠯᠭ᠎ᠠ ᠪᠠ ᠠᠰᠢᠭᠯᠠᠯᠲᠠ ᠶᠢ ᠴᠢᠩᠭᠠᠳᠬᠠᠵᠤ᠂ ᠦᠨᠡᠨ ᠪᠣᠳᠠᠲᠠᠢ ᠦᠷ᠎ᠡ ᠪᠦᠲᠦᠮᠵᠢ ᠣᠯᠬᠤ ᠬᠡᠷᠡᠭᠲᠡᠢ᠃ ᠬᠤᠭᠤᠴᠠᠭ᠎ᠠ ᠰᠣᠯᠢᠭᠰᠠᠨ ᠤ ᠳᠠᠷᠠᠭᠠᠬᠢ ᠤᠳᠤᠷᠢᠳᠬᠤ ᠪᠠᠭ ᠤᠨ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠠᠷᠠᠳᠴᠢᠯᠠᠯ ᠲᠥᠪᠯᠡᠷᠡᠯ ᠤᠨ ᠶᠣᠰᠣ ᠶᠢ ᠴᠢᠩᠭ᠎ᠠ ᠬᠡᠷᠡᠭᠵᠢᠭᠦᠯᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠤᠯᠭᠠᠵᠤ᠂ ᠪᠦᠯᠬᠦᠮᠳᠡᠨ ᠬᠠᠮᠵᠢᠯᠴᠠᠭᠰᠠᠨ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠭᠰᠡᠨ᠂ ᠴᠢᠳᠠᠮᠠᠭᠠᠢ ᠠᠵᠢᠯᠯᠠᠵᠤ ᠠᠮᠵᠢᠯᠲᠠ ᠣᠯᠬᠤ ᠠᠮᠢᠳᠤᠯᠢᠭ ᠪᠠᠶᠢᠳᠠᠯ ᠢ ᠪᠦᠷᠢᠯᠳᠦᠭᠦᠯᠬᠦ ᠬᠡᠷᠡᠭᠲᠡᠢ᠃ ᠴᠢᠩᠭ᠎ᠠ ᠪᠠᠶᠢᠬᠤ ᠭᠦᠭ ᠠᠶᠠᠰ ᠢᠶᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠡᠷᠴᠢᠮᠵᠢᠭᠦᠯᠵᠦ᠂ ᠦᠷᠭᠦᠯᠵᠢᠯᠡᠨ ︽ᠲᠦᠷᠪᠡᠨ ᠰᠤᠷᠲᠠᠯ︾ ᠢ ᠭᠦᠨᠵᠡᠭᠡᠶᠢᠷᠡᠭᠦᠯᠦᠨ ᠵᠠᠰᠠᠵᠤ᠂ ᠪᠠᠶᠢᠴᠠᠭᠠᠨ ᠰᠤᠳᠤᠯᠬᠤ ᠰᠤᠷᠲᠠᠯ ᠢ ᠶᠡᠭᠡ ᠪᠠᠷ ᠪᠠᠳᠠᠷᠠᠭᠤᠯᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ᠂ ᠦᠨᠡᠨ ᠬᠦ ᠠᠳᠬᠤᠵᠤ ᠪᠣᠳᠠᠲᠠᠢ ᠠᠵᠢᠯᠯᠠᠬᠤ ᠰᠤᠷᠲᠠᠯ ᠢ ᠶᠡᠭᠡ ᠪᠠᠷ ᠪᠠᠳᠠᠷᠠᠭᠤᠯᠵᠤ᠂ ᠲᠡᠦᠬᠡ ᠪᠠ ᠠᠷᠠᠳ ᠲᠦᠮᠡᠨ ᠤ ᠰᠢᠯᠭᠠᠯᠲᠠ ᠶᠢ ᠳᠠᠭᠠᠭᠠᠵᠤ ᠳᠡᠶᠢᠯᠭᠦ ᠪᠣᠳᠠᠲᠠᠢ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ᠃ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠤ ᠢᠯᠠᠯᠲᠠ ᠶᠢ ᠡᠷᠡᠰ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃      ᠪᠦᠭᠦᠳᠠ ᠬᠤᠷᠠᠯ ᠠᠴᠠ᠂ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠭᠤᠷᠪᠠᠨ ᠡᠷᠬᠡᠪᠰᠢ︾ ᠶᠢ ᠪᠠᠲᠤ ᠴᠡᠭᠡᠵᠢᠯᠡᠵᠦ᠂ ᠢᠲᠡᠭᠡᠯ ᠲᠡᠭᠦᠯᠳᠡᠷ ᠢᠶᠠᠷ ᠥᠪᠡᠷ ᠢ ᠪᠠᠨ ᠬᠦᠴᠦᠷᠬᠡᠭᠵᠢᠭᠦᠯᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠡᠷᠡᠮᠡᠬᠡᠶᠢᠯᠡᠨ ᠤᠷᠤᠭᠰᠢᠯᠠᠵᠤ᠂ ᠬᠠᠲᠠᠭᠤᠵᠢᠯᠲᠠᠢ ᠲᠡᠮᠡᠴᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠲᠥᠯᠥᠭᠡ ᠬᠠᠮᠲᠤ ᠪᠠᠷ ᠲᠡᠮᠡᠴᠡᠰᠦᠭᠡᠢ ᠭᠡᠵᠦ ᠤᠷᠢᠶᠠᠯᠠᠪᠠ᠃
 
ᠢᠷᠡᠯᠲᠡ᠄ ᠦᠪᠣᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号