【 ᠰᠢᠨ᠎ᠡ ᠴᠠᠭ ᠦᠶ᠎ᠡ ᠰᠢᠨ᠎ᠡ ᠠᠶᠠᠨ ᠰᠢᠨ᠎ᠡ ᠠᠭᠤᠤ ᠦᠢᠯᠡᠰ 】  ᠠᠵᠢᠯᠴᠢ ᠬᠥᠳᠡᠯᠮᠦᠷᠢᠴᠢ ᠳᠤ ᠳᠦᠰᠢᠭᠯᠡᠵᠦ ᠪᠠᠶᠠᠵᠢᠨ ᠴᠢᠨᠡᠭᠡᠯᠢᠭᠵᠢᠬᠦ ᠪᠠᠷ ᠬᠦᠴᠦᠯᠡᠨ ᠴᠢᠷᠮᠠᠶᠢᠨ᠎ᠠ
ᠨᠡᠶᠢᠲᠡᠯᠡᠭᠰᠡᠨ ᠴᠠᠭ᠄
2023/3/20
      ᠡᠷᠢᠶᠡᠨ ᠬᠤᠲᠠ ᠶᠢᠨ ᠭᠡᠷᠡᠯᠳᠦᠠᠣᠳᠦ ᠰᠣᠮᠣᠨ ᠤ ᠡᠷᠳᠡᠨᠢᠭᠤᠪᠢ ᠭᠠᠴᠠᠭᠠᠨ ᠳᠤ᠂ ᠮᠠᠯᠴᠢᠨ ᠬᠠᠶ ᠢᠦᠶ ᠵᠤᠸᠠᠩ ᠥᠪᠡᠷ ᠤᠨ ᠦᠬᠡᠷ ᠤᠨ ᠰᠠᠷᠠᠪᠴᠢ ᠳᠤ ᠲᠡᠵᠢᠭᠡᠯ ᠪᠣᠷᠳᠤᠭ᠎ᠠ᠂ ᠴᠡᠪᠡᠷ ᠤᠰᠤ ᠨᠡᠮᠡᠵᠦ ᠶᠠᠭᠠᠷᠠᠯᠳᠤᠨ᠎ᠠ᠃    ᠲᠠ ᠨᠠᠷ ᠰᠠᠶᠢᠨ ᠢᠷᠡᠪᠡᠣ ᠭᠡᠵᠦ᠂ ᠬᠠᠢ ᠢᠦᠢ ᠵᠤᠸᠠᠩ ᠤᠨ ᠡᠬᠡᠨᠡᠷ ᠡᠷᠢᠶᠡᠨ ᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ ᠶᠢᠨ ︽ᠪᠣᠭᠤᠮᠲᠠ ᠶᠢᠨ ᠭᠡᠷᠡᠯ︾ ᠨᠠᠮ ᠤᠨ ᠭᠡᠰᠢᠬᠦᠨ ᠤ ᠦᠢᠯᠡᠴᠢᠯᠡᠭᠡᠨ ᠤ ᠠᠩᠭᠢ ᠶᠢᠨ ᠭᠡᠰᠢᠬᠦᠳ ᠢ  ᠣᠭᠳᠣᠨ ᠠᠪᠣᠨ᠎ᠠ᠃    ︽ᠲᠠᠨᠠᠷ ᠲᠤ ᠲᠠᠯᠠᠷᠬᠠᠵᠤ ᠪᠠᠶᠢᠨ᠎ᠠ᠂ ᠣᠳᠣ ᠲᠡᠵᠢᠭᠡᠨ ᠦᠷᠡᠵᠢᠭᠦᠯᠬᠦ ᠳᠣᠯᠠ ᠤᠯᠠᠮ ᠴᠠᠬᠢᠯᠭᠠᠨ ᠬᠠᠩᠭᠠᠬᠤ ᠠᠴᠠ ᠰᠠᠯᠵᠤ ᠴᠢᠳᠠᠬᠤ ᠦᠭᠡᠢ ᠪᠣᠯᠵᠠᠢ᠂ ᠲᠠ ᠨᠠᠷ ᠢᠷᠡᠪᠡᠯ ᠪᠢ ᠰᠠᠨᠠᠭ᠎ᠠ ᠠᠮᠤᠷ ᠪᠣᠯᠤᠨ᠎ᠠ︾  ᠭᠡᠨ᠎ᠡ᠃    ᠣᠶᠢᠷ᠎ᠠ ᠶᠢᠨ ᠵᠢᠯ ᠳᠤ᠂ ᠨᠠᠶᠢᠳᠠᠪᠤᠷᠢᠲᠠᠶ ᠴᠠᠬᠢᠯᠭᠠᠨ ᠬᠦᠴᠦᠨ ᠤ ᠪᠠᠲᠤᠯᠠᠭ᠎ᠠ ᠲᠠᠢ ᠪᠣᠯᠤᠭᠰᠠᠨ ᠰᠠᠭᠤᠷᠢᠨ ᠳᠡᠭᠡᠷ᠎ᠡ᠂ ᠬᠠᠶ ᠢᠦᠶ ᠵᠤᠸᠠᠩ ᠰᠢᠨᠵᠢᠯᠡᠬᠦ ᠤᠬᠠᠭᠠᠨ ᠮᠡᠷᠭᠡᠵᠢᠯ ᠤᠨ ᠲᠡᠵᠢᠭᠡᠨ ᠦᠷᠡᠵᠢᠭᠦᠯᠬᠦ ᠠᠷᠭ᠎ᠠ ᠶᠢ ᠠᠰᠢᠭᠯᠠᠨ᠂ ᠦᠬᠡᠷ ᠤᠯᠠᠮ ᠠᠴᠠ ᠤᠯᠠᠮ ᠣᠯᠠᠰᠢᠷᠠᠵᠤ ᠪᠠᠶᠢᠨ᠎ᠠ᠃ ᠣᠲᠣ ᠶᠢᠨ ᠬᠡᠷ ᠤᠨ ᠲᠡᠵᠢᠭᠡᠭᠰᠡᠨ ᠦᠬᠡᠷ ᠨᠢᠭᠡᠨᠲᠡ 60 ᠭᠠᠷᠤᠶ ᠪᠣᠯᠵᠣ᠂ ᠵᠠᠬ᠎ᠠ ᠳᠡᠯᠭᠡᠭᠦᠷ ᠤᠨ ᠦᠨ᠎ᠡ 2 ᠲᠦᠮᠡᠨ ᠲᠥᠭᠦᠷᠢᠭ ᠠᠴᠠ 4 ᠲᠦᠮᠡᠨ ᠲᠥᠭᠦᠷᠢᠭ ᠬᠥᠷᠬᠦ ᠪᠣᠯᠵᠠᠶ ᠃ ᠬᠠᠪᠤᠷ ᠪᠣᠯᠬᠤ ᠪᠦᠷᠢ ᠴᠠᠬᠢᠯᠭᠠᠨ ᠬᠦᠴᠦᠨ ᠤ ︽ᠪᠣᠭᠤᠮᠲᠠ ᠶᠢᠨ ᠭᠡᠷᠡᠯ︾ ᠨᠠᠮ ᠤᠨ ᠭᠡᠰᠢᠭᠦᠨ ᠤ ᠦᠢᠯᠡᠴᠢᠯᠡᠭᠡᠨ ᠤ ᠠᠩᠭᠢ ᠲᠡᠳᠡᠨ ᠤ ᠭᠡᠷ ᠲᠤ ᠢᠷᠡᠵᠦ᠂ ᠲᠡᠳᠡᠨ ᠢ ᠬᠠᠪᠰᠤᠷᠤᠨ ᠴᠠᠬᠢᠯᠭᠠᠨ ᠬᠡᠷᠡᠭᠯᠡᠬᠦ ᠠᠮᠤᠷ ᠲᠦᠪᠰᠢᠨ ᠤ ᠳᠠᠯᠳᠠ ᠭᠡᠮ ᠢ ᠪᠠᠶᠢᠴᠠᠭᠠᠵᠤ᠂ ᠭᠡᠷᠡᠯᠲᠦᠭᠦᠯᠭᠡ᠂ ᠤᠰᠤᠨ ᠬᠥᠭᠡᠷᠭᠡ᠂ ᠬᠢᠨᠠᠨ ᠡᠵᠡᠮᠳᠡᠬᠦ ᠵᠡᠷᠭᠡ ᠴᠠᠬᠢᠯᠭᠠᠨ ᠬᠡᠷᠡᠭᠯᠡᠬᠦ ᠲᠥᠬᠦᠭᠡᠷᠦᠮᠵᠢ ᠶᠢ ᠪᠠᠶᠢᠴᠠᠭᠠᠵᠤ᠂ ᠴᠠᠬᠢᠯᠭᠠᠨ ᠬᠦᠴᠦᠨ ᠤ ᠬᠠᠩᠭᠠᠯᠭ᠎ᠠ ᠭᠦᠢᠴᠡᠳ ᠲᠣᠭᠲᠠᠭᠤᠨ ᠪᠠᠶᠢᠬᠤ ᠶᠢ ᠪᠠᠲᠤᠯᠠᠵᠤ᠂ ᠲᠡᠳᠡᠨ ᠢ ᠠᠷᠤ ᠲᠠᠯ᠎ᠠ ᠶᠢᠨ ᠪᠠᠳᠣᠯᠠᠭ᠎ᠠ ᠪᠣᠯᠣᠨ᠎ᠠ᠃    22    ᠴᠠᠬᠢᠯᠭᠠᠨ ᠬᠠᠩᠭᠠᠬᠤ ᠲᠣᠪᠴᠢᠶ᠎ᠠ ᠶᠢᠨ ᠠᠵᠢᠯᠲᠠᠳ ᠮᠠᠯᠴᠢᠳ ᠤᠨ ᠬᠡᠷᠡᠭᠯᠡᠬᠦ ᠴᠠᠬᠢᠯᠭᠠᠨ ᠢ ᠵᠢᠭᠰᠠᠭᠠᠨ ᠪᠠᠶᠢᠴᠠᠭᠠᠪᠠ    ᠬᠠᠶ ᠢᠦᠶ ᠵᠤᠸᠠᠩ ᠪᠣᠯ ᠲᠣᠰ ᠭᠠᠴᠠᠭᠠᠨ ᠤ ᠮᠠᠯᠴᠢᠳ ᠤᠨ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠭᠴᠢ ᠪᠣᠯᠬᠤ ᠪᠥᠭᠡᠳ ᠡᠷᠢᠶᠡᠨ ᠬᠤᠲᠠ ᠶᠢᠨ ᠢᠵᠢᠯᠢ ᠤᠯᠠᠮᠵᠢᠯᠠᠯᠲᠤ ᠴᠠᠭᠠᠨ ᠢᠳᠡᠭᠡᠨ ᠤ ᠲᠤᠰᠬᠠᠶ ᠬᠤᠷᠰᠢᠶ᠎ᠠ ᠶᠢᠨ ᠪᠦᠷᠢᠯᠳᠦᠬᠦᠨ ᠤ ᠨᠢᠭᠡ ᠪᠣᠯᠤᠨ᠎ᠠ᠃ ᠲᠡᠷᠡ ᠪᠠᠰᠠ 5 ᠮᠠᠯᠴᠢᠨ ᠨᠠᠶᠢᠵᠠ ᠨᠠᠷ ᠲᠠᠢ ᠪᠠᠨ ᠬᠠᠮᠳᠤ ᠲᠡᠵᠢᠬᠡᠨ ᠦᠷᠡᠵᠢᠬᠦᠯᠬᠦ᠂ ᠪᠤᠷᠤᠯᠠᠭᠤᠯᠬᠤ᠂ ᠡᠳ᠋ᠰᠢᠬᠦᠯᠬᠦ ᠶᠢ ᠨᠢᠬᠡ ᠴᠤᠬᠴᠠᠵᠢᠭᠤᠯᠤᠬᠰᠠᠨ ᠴᠠᠭᠠᠨ ᠢᠳᠡᠬᠡᠨ ᠤ ᠪᠤᠷᠤᠯᠠᠭᠤᠯᠭ᠎ᠠ ᠶᠢᠨ ᠰᠠᠭᠤᠷᠢᠨ ᠢ ᠪᠠᠶᠢᠭᠤᠯᠵᠠᠢ᠃    2016 ᠣᠨ ᠬᠠᠢ ᠢᠦᠢ ᠵᠤᠸᠠᠩ ᠡᠷ᠎ᠡ ᠡᠮ᠎ᠡ ᠬᠤᠶᠠᠭᠤᠯᠠ ︽ᠰᠢᠶᠣᠣ ᠬᠠᠢ ᠮᠠᠯᠴᠢᠨ ᠠᠶᠢᠯ︾ ᠵᠤᠭᠠᠴᠠᠯ ᠤᠨ ᠭᠠᠵᠠᠷ ᠢ ᠡᠬᠢᠯᠡᠨ ᠡᠵᠡᠩᠨᠡᠵᠦ᠂ ᠰᠠᠶᠢᠬᠠᠨ ᠡᠬᠢᠯᠡᠬᠦ ᠦᠶ᠎ᠡ ᠶᠢᠨ 6 ᠮᠣᠩᠭᠤᠯ ᠭᠡᠷ ᠠᠴᠠ ᠣᠳᠣ 11 ᠮᠣᠩᠭᠤᠯ ᠭᠡᠷ ᠪᠣᠯᠵᠤ ᠬᠥᠭᠵᠢᠪᠡ᠃ 2019 ᠣᠨ ᠳᠤ᠂ ᠲᠡᠷᠡ ︽ᠰᠢᠶᠣᠤ ᠬᠠᠢ ᠮᠠᠯᠴᠢᠨ ᠠᠶᠢᠯ︾ ᠤᠨ ᠲᠠᠸᠠᠷ ᠤᠨ ᠲᠡᠮᠳᠡᠭ ᠢ ᠭᠤᠶᠤᠴᠢᠯᠠᠨ ᠮᠡᠳᠡᠭᠦᠯᠪᠡ᠃ 2020 ᠣᠨ ᠳᠤ᠂ ᠲᠡᠳᠡᠨ ᠤ ᠬᠢᠨ ᠪᠠᠰᠠ ᠴᠠᠭᠠᠨ ᠢᠳᠡᠭᠡ ᠡᠳ᠋ᠰᠢᠭᠦᠯᠬᠦ ᠦᠢᠯᠡᠳᠪᠦᠷᠢᠯᠡᠯ ᠤᠨ ᠲᠠᠰᠤᠭ ᠪᠠᠶᠢᠭᠤᠯᠤᠭᠰᠠᠨ ᠪᠥᠭᠡᠳ ᠪᠦᠬᠦ ᠬᠤᠲᠠ ᠶᠢᠨ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠤᠷᠰᠢᠯᠲᠠ ᠶᠢᠨ ᠲᠥᠷᠥᠯ ᠵᠦᠢᠯ ᠳᠤ ᠵᠢᠭᠰᠠᠭᠠᠭᠳᠠᠵᠤ᠂ ᠦᠷ᠎ᠡ ᠠᠰᠢᠭ ᠨᠢ ᠲᠠᠪᠤᠨ ᠵᠢᠯ ᠤᠨ ᠡᠮᠦᠨᠡᠬᠢ ᠠᠴᠠ ᠭᠤᠷᠪᠠ ᠳᠠᠬᠢᠨ ᠪᠣᠯᠵᠠᠶ᠃    ᠴᠠᠬᠢᠯᠭᠠᠨ ᠵᠠᠯᠭᠠᠬᠤ ᠪᠠ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠡᠵᠢᠭᠡᠨ ᠦᠷᠡᠵᠢᠭᠦᠯᠬᠦ ᠠᠴᠠ ᠠᠪᠤᠭᠠᠳ ᠠᠷᠢᠭᠤᠨ ᠴᠡᠪᠡᠷ ᠳᠤᠯᠠᠭᠠᠯᠠᠭ᠎ᠠ ᠬᠠᠩᠭᠠᠬᠤ ᠬᠦᠷᠲᠡᠯ᠎ᠡ᠂ ᠬᠠᠢ ᠢᠦᠢ ᠵᠤᠸᠠᠩ ᠡᠷ᠎ᠡ ᠡᠮ᠎ᠡ ᠬᠤᠶᠠᠭᠤᠯᠠ ᠠᠵᠢᠯᠴᠢ ᠬᠥᠳᠡᠯᠮᠦᠷᠢᠴᠢ ᠬᠤᠶᠠᠷ ᠭᠠᠷ ᠲᠠᠭᠠᠨ ᠳᠦᠰᠢᠭᠯᠡᠨ᠂ ᠠᠮᠢᠳᠤᠷᠠᠯ ᠢᠶᠠᠨ ᠤᠯᠠᠮ ᠠᠴᠠ ᠤᠯᠠᠮ ᠦᠭᠡᠳᠡ ᠳᠠᠳᠠᠨ᠎ᠠ᠃    ᠠᠵᠤ ᠦᠢᠯᠡᠰ ᠤᠨ ᠬᠥᠭᠵᠢᠯ ᠪᠠᠳᠠᠷᠠᠯ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠴᠢᠬᠤᠯᠠ ᠰᠠᠭᠤᠷᠢ ᠮᠥᠨ᠂ ᠤᠮᠠᠷᠠᠲᠤ ᠬᠢᠯᠢ ᠶᠢᠨ ᠮᠠᠯᠴᠢᠳ ᠤᠨ ᠠᠵᠢᠯᠴᠢ ᠬᠥᠳᠡᠯᠮᠦᠷᠢᠴᠢ ᠪᠠ ᠣᠶᠤᠨ ᠤᠬᠠᠭᠠᠨ  ᠳᠤ ᠪᠠᠨ ᠳᠦᠰᠢᠭᠯᠡᠨ᠂ ᠪᠣᠳᠠᠲᠤ ᠪᠠᠶᠢᠳᠠᠯ ᠳᠤ ᠨᠡᠶᠢᠴᠡᠭᠰᠡᠨ ᠠᠵᠤ ᠦᠢᠯᠡᠰ ᠤᠨ ᠬᠡᠪ ᠵᠠᠭᠪᠤᠷ ᠢ ᠰᠦᠪᠡᠭᠴᠢᠯᠡᠨ ᠭᠠᠷᠭᠠᠵᠤ᠂ ᠰᠢᠨ᠎ᠡ ᠴᠠᠭ ᠦᠶ᠎ᠡ ᠶᠢᠨ ᠪᠠᠶᠠᠵᠢᠯ ᠤᠨ ᠵᠠᠮ ᠢᠶᠠᠷ ᠲᠣᠮᠣ ᠠᠯᠬᠤᠮ ᠢᠶᠠᠷ ᠵᠠᠮᠨᠠᠭᠰᠠᠨ ᠪᠠᠶᠢᠨ᠎ᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号