ᠸᠠᠩ ᠰᠠᠨ ᠱᠢ ᠰᠠᠶᠢᠬᠤᠰᠤ ᠭᠠᠴᠠᠭ᠎ᠠ᠂ ᠲᠣᠯᠢ ᠭᠠᠴᠠᠭᠠᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/3/20
       3 ᠰᠠᠷ᠎ᠠ ᠶᠢᠨ 16 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠰᠠᠶᠢᠬᠤᠰᠤ ᠭᠠᠴᠠᠭ᠎ᠠ᠂ ᠳᠣᠯᠢ ᠭᠠᠴᠠᠭ᠎ᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠬᠦᠴᠢᠷᠳᠡᠯᠲᠡᠶ ᠣᠯᠠᠨ ᠲᠦᠮᠡᠨ ᠢ ᠪᠣᠯᠭᠤᠭᠠᠨ ᠲᠣᠬᠤᠨᠢᠭᠤᠯᠤᠭᠰᠠᠨ ᠪᠥᠭᠡᠳ ᠳᠣᠯᠢ ᠭᠠᠴᠠᠭᠠᠨ ᠤ ︽ᠬᠤᠶᠠᠷ ᠵᠥᠪᠯᠡᠯ︾ ᠤᠨ ᠤᠳᠤᠷᠢᠳᠬᠤ ᠪᠠᠭ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃
    ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ  ᠳᠦᠬᠦᠷᠡᠩᠪᠠᠭᠠᠳᠣᠷ ᠤᠨ ᠭᠡᠷ ᠲᠤ ᠬᠦᠷᠴᠦ᠂ ᠮᠠᠯᠵᠢᠬᠤ ᠣᠷᠣᠨ ᠤ ᠵᠣᠷᠯᠣᠩ ᠤᠨ ᠥᠭᠡᠷᠡᠴᠢᠯᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠭᠠᠴᠠᠭᠠᠨ ᠤ ︽ᠬᠤᠶᠠᠷ ᠵᠥᠪᠯᠡᠯ︾ ᠲᠠᠢ ᠶᠠᠷᠢᠯᠴᠠᠪᠠ
    ᠸᠠᠩ ᠰᠠᠨ ᠱᠢ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠮᠠᠯᠴᠢᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠪᠥᠬᠦ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠢ ᠵᠦᠶ ᠵᠣᠬᠢᠰᠲᠠᠶ ᠪᠠᠶᠢᠷᠢᠯᠠᠭᠤᠯᠵᠤ᠂ ᠳᠡᠭᠡᠳᠦ ᠱᠠᠲᠤᠨ ᠤ ᠳᠡᠮᠵᠢᠯᠭᠡ ᠶᠢ ᠤᠯᠬᠤ ᠪᠠᠷ ᠢᠳᠡᠪᠬᠢᠲᠡᠶ ᠴᠢᠷᠮᠠᠶᠢᠵᠤ᠂ ᠣᠲᠣ ᠶᠢᠨ ᠪᠠᠶᠢᠭ᠎ᠠ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠰᠠᠭᠤᠷᠢ ᠶᠢ ᠠᠰᠢᠭᠯᠠᠨ᠂ ᠮᠠᠯᠴᠢᠨ ᠲᠠᠷᠢᠶᠠᠴᠢᠨ ᠤ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠬᠤᠪᠢᠷᠠᠭᠤᠯᠬᠤ ᠶᠢ ᠬᠥᠲᠥᠯᠦᠨ ᠵᠢᠯᠣᠭᠤᠳᠴᠤ᠂ ᠲᠡᠵᠢᠭᠡᠨ ᠦᠷᠡᠵᠢᠭᠦᠯᠬᠦ ᠡᠭᠦᠯᠳᠡᠷ ᠤᠨ ᠪᠦᠲᠦᠴᠡ ᠳᠤ ᠲᠣᠬᠢᠷᠠᠭᠤᠯᠤᠯᠲᠠ ᠬᠢᠵᠦ᠂ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠵᠠᠭᠪᠤᠷ ᠢ ᠰᠦᠪᠡᠭᠴᠢᠯᠡᠨ ᠲᠡᠭᠦᠯᠳᠡᠷᠵᠢᠭᠦᠯᠵᠦ᠂ ᠭᠠᠴᠠᠭᠠᠨ ᠤ ᠬᠠᠮᠲᠤ ᠶᠢᠨ ᠪᠡᠯᠡ ᠮᠥᠩᠭᠦ ᠶᠢᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠤᠨ᠂ ᠡᠵᠡᠩᠨᠡᠯᠲᠡ ᠬᠠᠮᠢᠶᠠᠷᠤᠯᠲᠠ ᠶᠢ ᠴᠢᠩᠭᠠᠳᠬᠠᠬᠤ ᠳᠡᠭᠡᠷ᠎ᠡ ᠬᠦᠴᠦ ᠲᠠᠯᠪᠢᠵᠤ᠂ ᠭᠠᠴᠠᠭᠠᠨ ᠤ ᠥᠪᠡᠷ ᠢ ᠪᠠᠨ ︽ᠴᠢᠰᠤ ᠪᠦᠲᠦᠭᠡᠬᠦ︾ ᠴᠢᠳᠠᠪᠤᠷᠢ ᠶᠢ ᠨᠡᠮᠡᠭᠳᠡᠭᠦᠯᠦᠨ᠂ ᠬᠠᠮᠲᠤ ᠶᠢᠨ ᠠᠵᠤ ᠠᠬᠤᠢ ᠶᠢᠨ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠠᠬᠢᠭᠤᠯᠵᠤ᠂ ᠭᠠᠴᠠᠭᠠᠨ ᠤ ᠬᠠᠮᠲᠤ ᠨᠡᠶᠢᠲᠡ ᠪᠠ ᠮᠠᠯᠴᠢᠨ ᠲᠠᠷᠢᠶᠠᠴᠢᠳ ᠤᠨ ᠬᠤᠣᠰ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠬᠦ ᠬᠡᠷᠡᠭᠲᠡᠢ ᠭᠡᠪᠡ᠃ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠮᠠᠯ ᠤᠨ ᠪᠠᠭᠠᠰᠤ ᠰᠢᠭᠡᠰᠦ ᠶᠢ ᠬᠤᠤᠷ ᠥᠬᠡᠶ ᠪᠣᠯᠭᠠᠨ  ᠰᠢᠢᠳᠪᠣᠷᠢᠯᠡᠬᠦ ᠶᠢ ᠠᠬᠢᠭᠤᠯᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ ᠰᠠᠶᠢᠲᠤᠷ ᠠᠳᠬᠤᠵᠤ᠂ ᠮᠠᠯᠵᠢᠬᠤ ᠣᠷᠣᠨ ᠤ ᠦᠶ᠋ᠯᠡᠳᠪᠦᠷᠢᠯᠡᠯ ᠠᠮᠢᠳᠤᠷᠠᠯ ᠤᠨ ᠬᠤᠭ ᠨᠣᠪᠰᠢ ᠶᠢ ᠴᠠᠭ ᠲᠤᠬᠠᠶ ᠳᠤᠨᠢ ᠬᠤᠷᠢᠶᠠᠨ ᠴᠤᠭᠯᠠᠭᠤᠯᠵᠤ ᠴᠡᠪᠡᠷᠯᠡᠨ ᠲᠡᠭᠡᠭᠡᠪᠦᠷᠢᠯᠡᠵᠦ᠂ ᠮᠠᠯᠴᠢᠨ ᠲᠠᠷᠢᠶᠠᠴᠢᠨ ᠲᠦᠮᠡᠨ ᠤ ᠦᠵᠡᠯ ᠰᠠᠨᠠᠭ᠎ᠠ ᠣᠶᠢᠯᠠᠭᠠᠭᠳᠠᠬᠤᠨ ᠢ ᠬᠤᠪᠢᠷᠠᠭᠤᠯᠵᠤ᠂ ᠪᠣᠯᠪᠠᠰᠤᠨ ᠡᠷᠡᠭᠦᠯ ᠠᠮᠢᠳᠤᠷᠠᠯ ᠤᠨ ᠠᠷᠭ᠎ᠠ ᠬᠡᠯᠪᠡᠷᠢ ᠶᠢ ᠬᠡᠷᠡᠭᠵᠢᠭᠦᠯᠬᠦ ᠬᠡᠷᠡᠭᠲᠡᠶ᠃
    ᠬᠤᠲᠠ ᠶᠢᠨ ᠤᠳᠤᠷᠢᠳᠤᠯᠭ᠎ᠠ ᠶᠠᠩ ᠶᠢᠨ ᠷᠦᠢ᠂ ᠾᠧᠦ ᠶᠠᠨ ᠮᠢᠨ᠂ ᠵᠠᠩ ᠯᠢ ᠴᠧᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号