ᠡᠷᠢᠶᠡᠨ ᠬᠤᠲᠠ ᠶᠢᠨ ᠭᠡᠷᠡᠯᠳᠦᠠᠣᠳᠦ ᠰᠣᠮᠣᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠤ ᠠᠩᠬᠠᠳᠤᠭᠠᠷ ᠪᠥᠬᠦᠳᠡ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2023/3/22
       3 ᠰᠠᠷ᠎ᠠ ᠶᠢᠨ 21 ᠤ ᠡᠳᠦᠷ᠂ ᠭᠡᠷᠡᠯᠳᠦᠠᠣᠳᠦ ᠰᠤᠮᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠤ ᠠᠩᠬᠠᠳᠤᠭᠠᠷ ᠪᠥᠬᠦᠳᠡ ᠬᠤᠷᠠᠯ ᠬᠤᠷᠠᠯᠳᠤᠪᠠ᠃ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠬᠦᠨᠳᠦ ᠨᠠᠶᠢᠳᠠᠯᠭ᠎ᠠ ᠶᠢ ᠡᠭᠦᠷᠭᠡᠯᠡᠵᠦ᠂ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤ ᠪᠠᠷ ᠵᠥᠪᠳᠡᠯᠴᠡᠪᠡ᠃
  ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠤᠰᠬᠠᠢ ᠲᠤᠰᠢᠶᠠᠯᠲᠤ ᠭᠡᠰᠢᠭᠦᠳ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 48 ᠬᠥᠮᠦᠨ᠂ ᠪᠣᠳᠠᠲᠠᠢ ᠣᠷᠣᠯᠴᠠᠭᠰᠠᠨ ᠨᠢ 45 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠵᠡᠢ᠃    ᠬᠤᠷᠠᠯ ᠠᠴᠠ ᠭᠡᠷᠡᠯᠳᠦᠠᠣᠳᠦ ᠰᠣᠮᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠠᠵᠢᠯ ᠤᠨ ᠢᠯᠡᠳᠬᠡᠯ︾ ᠂ ︽ᠰᠤᠮᠤ ᠶᠢᠨ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ︾ ᠢ ᠰᠣᠨᠣᠰᠴᠤ ᠬᠢᠨᠠᠨ ᠵᠥᠪᠯᠡᠪᠡ︔ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢ ᠰᠣᠩᠭᠤᠨ ᠭᠠᠷᠭᠠᠪᠠ︔ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠪᠢᠯᠧᠲ ᠢᠶᠠᠷ ᠪᠠᠲᠤᠯᠠᠪᠠ︔ ᠮᠠᠯᠵᠢᠬᠤ ᠣᠷᠣᠨ ᠤ ᠳᠤᠯᠠᠭᠠᠨ ᠰᠠᠷᠠᠪᠴᠢ ᠶᠢᠨ ᠪᠦᠳᠦᠭᠡᠨ ᠪᠠᠶᠢᠭᠤᠯᠣᠯᠳᠠ ᠶᠢᠨ ᠲᠦᠷᠦᠯ ᠵᠦᠢᠯ ᠪᠠ ᠰᠠᠶᠢᠬᠤᠰᠦ ᠠᠴᠠ ᠡᠷᠢᠶᠡᠨᠨᠠᠭᠤᠷ ᠬᠦᠷᠬᠦ ᠬᠡᠰᠡᠭ ᠤᠨ ᠵᠠᠰᠠᠮᠠᠯ ᠵᠠᠮ ᠤᠨ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠭᠡᠷᠡᠯᠳᠦᠠᠣᠳᠦ ᠰᠤᠮᠤ ᠶᠢᠨ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢᠶᠠᠷ ᠲᠣᠭᠲᠠᠭᠠᠪᠠ᠃    ᠬᠤᠷᠠᠯ ᠠᠴᠠ ᠭᠡᠷᠡᠯᠳᠦᠠᠣᠳᠦ ᠰᠤᠮᠤ ᠶᠢᠨ 2022 ᠣᠨ ᠤ ᠠᠵᠢᠯ ᠢ ᠳ᠋ᠦᠩᠨᠡᠵᠦ᠂ 2023 ᠣᠨ ᠤ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号