ᠡᠨᠡ ᠵᠢᠯ ᠠᠴᠠ ᠨᠠᠰᠢ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠳᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢ ᠵᠠᠯᠭᠠᠨ ᠲᠡᠭᠡᠭᠡᠪᠦᠷᠢᠯᠡᠭᠡᠳ 600 ᠴᠤᠪᠤᠭ᠎ᠠ ᠲᠡᠷᠭᠡ ᠶᠢ ᠳᠠᠪᠠᠪᠠ
ᠨᠡᠶᠢᠲᠡᠯᠡᠭᠰᠡᠨ ᠴᠠᠭ᠄
2023/3/22
     3 ᠰᠠᠷ᠎ᠠ ᠶᠢᠨ 20 ᠤ ᠡᠳᠦᠷ᠂ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ᠂ ᠬᠡᠦᠬᠡᠳ ᠤᠨ ᠲᠡᠷᠭᠡ ᠵᠡᠷᠭᠡ ᠪᠠᠷᠠᠭ᠎ᠠ ᠶᠢ ᠳᠦᠭᠦᠷᠲᠡᠯ᠎ᠡ ᠲᠡᠭᠡᠭᠡᠭᠰᠡᠨ ︽ᠵᠧᠩᠵᠸᠦ —  ᠡᠸᠦ᠋ᠷᠦᠫᠠ ᠶᠢᠨ ᠵᠢᠰᠢᠶᠠᠨ ᠤ ᠭᠠᠯᠲᠤ ᠲᠡᠷᠭᠡ︾ ᠡᠷᠢᠶᠡᠨ ᠬᠤᠳᠠ ᠶᠢᠨ ᠲᠡᠮᠦᠷ ᠵᠠᠮ ᠤᠨ ᠪᠣᠭᠤᠮᠲᠠ ᠳᠤ ᠬᠦᠷᠪᠡ᠂ ᠡᠨᠡ ᠨᠢ ᠡᠨᠡ ᠵᠢᠯ ᠤᠨ ᠡᠷᠢᠶᠡᠨ ᠬᠤᠳᠠ ᠶᠢᠨ ᠪᠣᠭᠤᠮᠲᠠ ᠳᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢ ᠵᠠᠯᠭᠠᠭ᠎ᠠ ᠪᠠᠷ 600 ᠴᠤᠪᠤᠭ᠎ᠠ ᠲᠡᠷᠭᠡ ᠶᠢ ᠠᠮᠵᠢᠯᠲᠠ ᠲᠠᠢ ᠪᠠᠷ ᠳᠠᠪᠠᠭᠰᠠᠨ ᠢ ᠬᠠᠷᠠᠭᠤᠯᠵᠤ ᠪᠠᠶᠢᠨ᠎ᠠ᠃
   ᠣᠳᠣᠬᠠᠨ ᠳᠤ᠂ ᠡᠷᠢᠶᠡᠨ ᠲᠡᠮᠦᠷ ᠵᠠᠮ ᠤᠨ ᠪᠣᠭᠤᠮᠲᠠ ᠪᠠᠷ ᠥᠩᠭᠡᠷᠡᠬᠦ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠨᠢ ᠲᠢᠶᠠᠨᠵᠢᠨ᠂ ᠠᠨᠾᠦ᠋ᠢ᠂ ᠬᠤᠨᠠᠨ ᠵᠡᠷᠭᠡ 10 ᠭᠠᠷᠤᠢ ᠮᠤᠵᠢ ᠬᠤᠲᠠ ᠠᠴᠠ ᠢᠷᠡᠭᠰᠡᠨ ᠪᠠᠷᠠᠭ᠎ᠠ ᠶᠢ ᠠᠴᠢᠶᠠᠯᠠᠵᠤ᠂ 66 ᠱᠤᠭᠤᠮ ᠢᠶᠠᠷ ᠳᠠᠮᠵᠢᠭᠤᠯᠤᠨ ᠭᠠᠳᠠᠭᠠᠳᠤ ᠳᠤ 60 ᠭᠠᠷᠤᠢ ᠭᠠᠵᠠᠷ ᠣᠷᠣᠨ ᠳᠤ ᠵᠥᠭᠡᠭᠡᠪᠦᠷᠢᠯᠡᠵᠦ ᠪᠤᠢ᠃    ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢ ᠳᠥᠭᠦᠮ ᠳᠥᠲᠡ ᠪᠣᠭᠤᠮᠲᠠ ᠲᠤᠭᠤᠯᠬᠤ ᠳᠤ ᠬᠦᠴᠦᠨ ᠨᠡᠮᠡᠷᠢᠯᠡᠬᠦ ᠶᠢᠨ ᠳᠣᠯᠠᠳᠠ᠂ ᠡᠷᠢᠶᠡᠨ ᠪᠣᠭᠤᠮᠲᠠ ᠶᠢᠨ ᠬᠢᠨ ︽ᠡᠭᠦᠯᠡᠨ ᠬᠢᠨᠠᠯᠲᠠ ᠬᠠᠮᠢᠶᠠᠷᠤᠯᠲᠠ︾ ᠶᠢᠨ ᠤᠶᠤᠨᠲᠤ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠣᠶᠢᠯᠠᠭᠠᠭᠳᠠᠬᠤᠨ ᠢ ᠶᠡᠬᠡᠪᠡᠷ ᠬᠡᠷᠡᠭᠵᠢᠭᠦᠯᠵᠦ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠡᠨᠧᠷᠭᠢ ᠣᠯᠭᠤᠬᠤ + ᠣᠶᠤᠨᠴᠢ ᠰᠢᠯᠭᠠᠨ ᠪᠠᠶᠢᠴᠠᠭᠠᠬᠤ︾ ᠪᠠᠷ ᠭᠠᠷᠳᠠᠴᠠ ᠪᠣᠯᠭᠠᠵᠤ᠂ ᠪᠣᠭᠤᠮᠲᠠ ᠶᠢᠨ H986 ᠲᠣᠮᠣ ᠬᠡᠯᠪᠡᠷᠢ ᠶᠢᠨ ᠴᠢᠩᠭᠡᠯᠢᠭ ᠲᠤ ᠲᠦᠰᠢᠭᠯᠡᠨ ᠨᠡᠪᠴᠢᠯᠳᠠ ᠶᠢᠨ ᠪᠤᠰᠤ ᠬᠡᠯᠪᠡᠷᠢ ᠶᠢᠨ ᠪᠠᠶᠢᠴᠠᠭᠠᠯᠲᠠ ᠶᠢᠨ ᠲᠥᠬᠦᠭᠡᠷᠦᠮᠵᠢ ᠳᠤ ᠲᠦᠰᠢᠭᠯᠡᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠪᠠᠷᠠᠭ᠎ᠠ ᠶᠢ ︽ᠠᠩᠬᠠᠨ ᠤ ᠬᠤᠭᠤᠴᠠᠭᠠᠨ ᠤ ᠮᠠᠰᠢᠨ ᠤ ᠪᠠᠶᠢᠴᠠᠭᠠᠯᠲᠠ︾ ᠥᠷᠨᠢᠭᠦᠯᠦᠨ᠎ᠡ︔ ︽365 ᠡᠳᠦᠷ ᠤᠨ *24 ᠴᠠᠭ︾ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠲᠤᠰᠬᠠᠢ ᠱᠤᠭᠤᠮ ᠤᠨ ᠦᠢᠯᠡᠴᠢᠯᠡᠭᠡᠨ ᠤ ᠵᠠᠮ ᠢ ᠪᠠᠶᠢᠭᠤᠯᠤᠨ᠎ᠠ︔ ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠪᠣᠭᠤᠮᠲᠠ ᠰᠣᠯᠢᠬᠤ ᠠᠵᠢᠯ ᠤᠨ ᠴᠤᠪᠤᠷᠠᠯ ᠢ ᠰᠢᠯᠢᠳᠡᠭᠵᠢᠭᠦᠯᠦᠨ᠂ ᠡᠭᠡᠯᠵᠢ ᠶᠢᠨ ᠭᠠᠯᠲᠤ ᠲᠡᠷᠭᠡ ᠶᠢᠨ ᠪᠣᠭᠤᠮᠲᠠ ᠰᠣᠯᠢᠬᠤ ᠪᠠ ᠬᠢᠯᠢ ᠪᠠᠷ ᠥᠩᠭᠡᠷᠡᠬᠦ ᠲᠡᠭᠡᠭᠡᠪᠦᠷᠢ ᠶᠢᠨ ᠪᠥᠬᠦ ᠶᠠᠪᠤᠴᠠ ᠶᠢᠨ ᠴᠠᠭᠠᠰᠤ ᠦᠭᠡᠢ ᠬᠠᠮᠢᠶᠠᠷᠤᠯᠲᠠ ᠶᠢ ᠪᠡᠶᠡᠯᠡᠭᠦᠯᠵᠦ᠂  ᠪᠦᠬᠦᠯᠢ ᠴᠣᠭᠴᠠ ᠶᠢᠨ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃    ᠡᠨᠡ ᠵᠢᠯ ᠠᠴᠠ ᠨᠠᠰᠢ᠂ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠬᠢᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠠᠵᠢᠯᠯᠠᠭᠠᠨ ᠳᠤ ︽ᠰᠠᠭᠠᠳ ᠦᠭᠡᠢ ᠨᠡᠪᠲᠡᠷᠡᠬᠦ ᠵᠠᠮ︾ ᠨᠡᠭᠡᠭᠡᠵᠦ ᠂ ᠵᠠᠯᠭᠠᠨ ᠲᠡᠭᠡᠭᠡᠪᠦᠷᠢᠯᠡᠬᠦ ᠴᠢᠳᠠᠪᠤᠷᠢ ᠶᠢ 20% ᠣᠷᠴᠢᠮ ᠳᠡᠭᠡᠭᠰᠢᠯᠡᠭᠦᠯᠵᠦ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠰᠠᠭᠠᠳ ᠦᠭᠡᠢ ᠨᠡᠪᠲᠡᠷᠡᠬᠦ ᠶᠢ ᠬᠦᠴᠦᠲᠡᠢ ᠪᠠᠲᠤᠯᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号