【 ᠦᠰᠦᠨ ᠪᠤᠶᠢᠵᠢᠬᠤ ᠶᠢ ᠠᠩᠬᠠᠷᠤᠨ ᠬᠠᠯᠠᠮᠵᠢᠯᠠᠬᠤ 】 ᠬᠤᠳᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠭᠠᠯ ᠤᠨᠲᠠᠷᠠᠭᠠᠬᠤ ᠠᠮᠤᠷ ᠲᠦᠪᠰᠢᠨ ᠤ ᠰᠤᠷᠭᠠᠭᠤᠯᠢ ᠶᠢᠨ ᠬᠦᠷᠢᠶᠡᠨ ᠤ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/3/24
    ᠨᠡᠶᠢᠭᠡᠮ ᠤᠨ ᠭᠠᠯ ᠤᠨᠲᠠᠷᠠᠭᠠᠬᠤ ᠤᠬᠠᠭᠤᠯᠭ᠎ᠠ ᠶᠢᠨ ᠠᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠂ ᠥᠷᠭᠡᠨ ᠣᠯᠠᠨ ᠪᠠᠭᠰᠢ ᠰᠤᠷᠤᠭᠴᠢᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠡᠪ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠳᠣᠯᠠᠳᠠ᠂ 3 ᠰᠠᠷ᠎ᠠ ᠶᠢᠨ 21 ᠤ ᠡᠳᠦᠷ᠂ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠲᠢᠭ ᠲᠤᠭ᠂ ᠪᠤᠰᠢᠭᠤ ᠭᠠᠷ ᠵᠡᠷᠭᠡ ᠰᠢᠭᠤᠳ ᠨᠡᠪᠲᠡᠷᠡᠭᠦᠯᠭᠡ ᠶᠢᠨ ᠲᠠᠪᠴᠠᠩ ᠳᠤ ᠭᠠᠯ ᠤᠨᠲᠠᠷᠠᠭᠠᠬᠤ ᠠᠮᠤᠷ ᠲᠦᠪᠰᠢᠨ ᠤ ᠰᠤᠷᠭᠠᠭᠤᠯᠢ ᠶᠢᠨ ᠬᠦᠷᠢᠶᠡᠨ ᠤ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠶᠢ ᠵᠡᠷᠭᠡ ᠪᠠᠷ ᠥᠷᠨᠢᠭᠦᠯᠪᠡ᠃    ᠲᠣᠰ ᠤᠳᠠᠭᠠᠨ ᠤ ᠰᠦᠯᠵᠢᠶᠡᠨ ᠤ ᠰᠢᠭᠤᠳ ᠨᠡᠪᠲᠡᠷᠡᠭᠦᠯᠭᠡ ᠨᠢ ᠵᠠᠯᠠᠭᠤᠴᠤᠳ ᠪᠠᠭᠠᠴᠤᠳ ᠤᠨ ᠲᠠᠨᠢᠨ ᠮᠡᠳᠡᠬᠦ ᠣᠨᠴᠠᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠭᠤᠯᠢ᠂ ᠬᠡᠷ ᠪᠦᠯᠢ ᠶᠢᠨ ᠦᠷᠭᠦᠯᠵᠢ ᠲᠣᠬᠢᠶᠠᠯᠳᠤᠳᠠᠭ ᠭᠠᠯ ᠤᠨ ᠭᠠᠮᠰᠢᠭ ᠤᠨ ᠳᠠᠯᠳᠠ ᠬᠡᠮ ᠵᠢᠴᠢ ᠲᠥᠷᠥᠯ ᠬᠡᠯᠪᠡᠷᠢ ᠶᠢ ᠨᠠᠷᠢᠨ ᠨᠢᠭᠲᠠ ᠲᠠᠶᠢᠯᠪᠤᠷᠢᠯᠠᠵᠤ᠂ ᠳᠡᠷᠭᠡᠳᠡᠬᠢ ᠭᠠᠯ ᠤᠨ ᠭᠠᠮᠰᠢᠭ ᠤᠨ ᠳᠠᠯᠳᠠ ᠬᠡᠮ ᠢ ᠬᠡᠷᠬᠢᠨ ᠪᠠᠶᠢᠴᠠᠭᠠᠨ ᠡᠷᠢᠵᠦ᠂ ᠬᠡᠷ ᠲᠤᠨᠢ ᠪᠤᠶᠤ ᠰᠤᠷᠭᠠᠭᠤᠯᠢ ᠳᠤ ᠭᠠᠯ ᠤᠨ ᠠᠶᠤᠯ ᠡᠭᠦᠰᠬᠦ ᠦᠶ᠎ᠡ ᠶᠢᠨ ᠥᠪᠡᠷ ᠢ ᠪᠠᠨ ᠠᠪᠤᠷᠠᠵᠤ ᠠᠮᠢ ᠵᠢᠭᠤᠲᠠᠬᠤ ᠠᠷᠭ᠎ᠠ ᠵᠢᠴᠢ ᠬᠡᠷᠬᠢᠨ ᠭᠠᠯ ᠤᠨ ᠠᠶᠤᠯ ᠢ ᠮᠡᠳᠡᠭᠦᠯᠬᠦ ᠵᠡᠷᠭᠡ ᠶᠢ ᠨᠢᠭᠤᠷᠲᠠᠨ ᠲᠠᠶᠢᠯᠪᠤᠷᠢᠯᠠᠪᠠ᠃ ᠬᠠᠷᠢᠯᠴᠠᠨ ᠦᠢᠯᠡᠳᠦᠯᠴᠡᠬᠦ ᠭᠤᠭᠴᠤᠭ᠎ᠠ ᠳᠤ ᠰᠤᠷᠤᠭᠴᠢᠳ ᠢ ᠤᠷᠢᠵᠤ ᠣᠷᠣᠯᠴᠠᠭᠤᠯᠬᠤ ᠶᠢᠨ ᠬᠠᠮᠲᠤ ᠣᠯᠠᠨ ᠤ ᠣᠶᠢᠯᠠᠭᠠᠬᠤ ᠳᠤ ᠬᠢᠯᠪᠠᠷ ᠪᠤᠰᠤ ᠲᠤᠰᠬᠠᠶ ᠮᠡᠷᠭᠡᠵᠢᠯ ᠤᠨ ᠮᠡᠳᠡᠯᠭᠡ ᠶᠢ ᠳᠥᠭᠦᠮ ᠣᠶᠢᠯᠠᠭᠠᠮᠵᠢᠲᠠᠶ ᠬᠡᠯᠪᠡᠷᠢ ᠪᠠᠷ ᠲᠠᠶᠢᠯᠪᠤᠷᠢᠯᠠᠨ ᠥᠭᠴᠦ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠠᠪᠤᠳᠠᠯ ᠢ ᠨᠠᠩ ᠠᠮᠢᠳᠤᠯᠢᠭ᠂ ᠣᠯᠠᠨ ᠲᠦᠮᠡᠨ ᠲᠠᠢ ᠣᠶᠢᠷᠠᠲᠤᠭᠤᠯᠵᠤ᠂ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠶᠢ ᠨᠠᠩ ᠰᠣᠨᠢᠷᠬᠠᠯᠲᠤ ᠴᠢᠨᠠᠷᠲᠠᠶ ᠪᠣᠯᠭᠠᠨ᠎ᠠ᠃ ᠰᠢᠭᠤᠳ ᠨᠡᠪᠲᠡᠷᠡᠭᠦᠯᠭᠡ ᠨᠢ ᠪᠠᠰᠠ ᠬᠠᠷᠢᠯᠴᠠᠨ ᠦᠢᠯᠡᠳᠦᠯᠴᠡᠵᠦ ᠰᠣᠯᠢᠯᠴᠠᠬᠤ ᠠᠷᠭ᠎ᠠ ᠮᠠᠶ᠋ᠢᠭ ᠢᠶᠠᠷ ᠭᠠᠯ ᠤᠨᠲᠠᠷᠠᠭᠠᠬᠤ ᠮᠡᠳᠡᠯᠭᠡ ᠶᠢᠨ ᠠᠰᠠᠭᠤᠯᠲᠠ ᠪᠠ ᠬᠠᠷᠢᠭᠤᠯᠲᠠ ᠥᠭᠴᠦ᠂ ᠰᠦᠯᠵᠢᠶᠡᠨ ᠳᠡᠭᠡᠷ᠎ᠡ ᠶᠠᠷᠢᠯᠴᠠᠬᠤ ᠠᠭᠤᠷ ᠠᠮᠢᠰᠬᠤᠯ ᠢ ᠬᠦᠷ ᠬᠥᠭᠵᠢᠶᠡᠨ ᠲᠠᠢ ᠪᠤᠯᠭᠠᠪᠠ᠃    ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠪᠣᠯ ᠣᠳᠣᠬᠠᠨ ᠤ ᠪᠠᠶᠢᠳᠠᠯ ᠳᠤ ᠰᠠᠭᠤᠷᠢᠯᠠᠨ᠂ ᠠᠯᠤᠰ ᠬᠡᠲᠦ ᠶᠢ ᠪᠣᠳᠣᠯᠬᠢᠯᠠᠬᠤ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠮᠥᠨ᠃ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠨ᠂ ᠥᠷᠭᠡᠨ ᠣᠯᠠᠨ ᠪᠠᠭᠰᠢ ᠰᠤᠷᠤᠭᠴᠢᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠤᠷᠭᠠᠭᠤᠯᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠥᠮᠦᠵᠢᠯ ᠤᠨ ᠰᠢᠰᠲ᠋ᠧᠮ ᠪᠣᠯᠤᠨ ᠭᠠᠯ ᠤᠨᠲᠠᠷᠠᠭᠠᠬᠤ ᠠᠮᠤᠷ ᠲᠦᠪᠰᠢᠨ ᠤ ᠬᠢᠷᠢ ᠬᠡᠮᠵᠢᠶ᠎ᠡ ᠶᠢ ᠲᠠᠰᠤᠷᠠᠯᠲᠠ ᠤᠢᠭᠡᠢ ᠲᠡᠭᠦᠯᠳᠡᠷᠵᠢᠭᠦᠯᠵᠦ᠂ ᠪᠠᠭᠰᠢ ᠰᠤᠷᠤᠭᠴᠢᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠪᠣᠯᠤᠨ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号